ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ: ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
ᠯᠢ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
2025 3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠳ᠋ᠦᠩᠱᠧᠩ ᠲᠣᠭᠤᠷᠢᠭ ᠲᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ 《ᠵᠢᠷᠭᠤᠭᠠᠨ ᠢᠨᠵᠧᠨᠧᠷᠢᠩ》 ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭᠠᠨ ᠠᠵᠢᠯᠯᠠᠭ᠎ᠠ》 ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠶᠢᠯᠠᠯ ᠢ ᠲᠡᠳᠬᠦᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
ᠴᠢ ᠷᠦᠢ ᠰᠢᠨ᠎ᠡ ᠡᠨᠧᠷᠭᠢ ᠶᠢᠨ ᠣᠶᠤᠨᠲᠤ ᠰᠦᠯᠵᠢᠶ᠎ᠡ ᠬᠤᠯᠪᠤᠭᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ᠂ ᠸᠠᠨ ᠳ᠋ᠠ ᠠᠭᠤᠳᠠᠮ ᠲᠠᠯᠠᠪᠠᠢ ᠶᠢᠨ ᠬᠤᠶᠠᠳᠤᠭᠠᠷ ᠬᠤᠭᠤᠴᠠᠭ᠎ᠠ ᠪᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠡᠷᠡᠭᠦᠯ ᠢᠳᠡᠭᠡᠨ ᠤ ᠠᠵᠤ ᠦᠢᠯᠡᠰ ᠤᠨ ᠳᠠᠭᠤᠷᠢᠶᠠᠯ ᠦᠵᠡᠭᠦᠯᠬᠦ ᠬᠦᠷᠢᠶᠡᠯᠡᠩ ᠳᠤ᠂ ᠯᠢ ᠯᠢ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤᠨᠢ ᠪᠠᠶᠢᠴᠠᠭᠠᠨ ᠰᠤᠳᠤᠯᠪᠠ᠃ ᠲᠡᠷᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠪᠠ ᠲᠥᠷᠥᠯ ᠵᠦᠢᠯ ᠢ ᠲᠡᠳᠡᠨ ᠠᠪᠴᠢᠷᠠᠵᠤ ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃
ᠯᠢ ᠯᠢ ᠲᠤᠬᠠᠢ ᠶᠢᠨ ᠲᠠᠯᠠᠪᠠᠢ ᠳᠤᠨᠢ ᠭᠦᠸᠧ ᠱᠧᠩ ᠯᠢ ᠬᠤᠸᠠ ᠶᠢᠨ ᠤᠰᠤ ᠴᠠᠬᠢᠯᠭᠠᠨ ᠵᠠᠳᠠᠯᠤᠯᠲᠠ ᠶᠢᠨ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠦᠢᠯᠡᠳᠬᠦ ᠲᠦᠷᠦᠯ ᠵᠦᠢᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠪᠠ ᠦᠢᠯᠡᠳᠬᠦᠨ ᠤ ᠰᠢᠨ᠎ᠡ ᠡᠭᠦᠳᠦᠯᠲᠡ ᠬᠢᠬᠦ ᠶᠢ ᠲᠠᠰᠤᠷᠠᠯᠲᠠ ᠦᠭᠡᠢ ᠠᠬᠢᠭᠤᠯᠵᠤ᠂ ᠨᠡᠩ ᠶᠡᠭᠡ ᠵᠠᠬ᠎ᠠ ᠳᠡᠯᠭᠡᠭᠦᠷ ᠨᠡᠭᠡᠭᠡᠬᠦ ᠶᠢ ᠵᠣᠷᠢᠭᠵᠢᠭᠤᠯᠪᠠ᠃
ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ᠂ ᠯᠢ ᠯᠢ ᠸᠠᠨ ᠵᠢᠶᠧ ᠳ᠋ᠠᠶᠢᠲ᠋ᠠ ᠶᠢᠨ ᠣᠷᠳᠣᠰ ᠤᠨ ᠣᠶᠤᠨᠴᠢ ᠪᠣᠳᠣᠯᠭ᠎ᠠ ᠶᠢᠨ ᠲᠥᠪ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠮᠠᠨ ᠤ ᠬᠤᠳᠠ ᠶᠢᠨ ᠪᠣᠬᠢᠷᠳᠤᠯ ᠦᠭᠡᠢ ᠴᠠᠬᠢᠯᠭᠠᠨ ᠤ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠦᠬᠦ ᠬᠤᠳᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠬᠦ ᠬᠡᠷᠡᠭᠲᠡᠢ ᠭᠡᠪᠡ᠃
ᠰᠠᠭᠠᠯᠢᠴᠢᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠳᠤ᠂ ᠯᠢ ᠯᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠳᠡᠮᠵᠢᠯᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠢ ᠬᠠᠪᠰᠤᠷᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠦᠯ ᠲᠡᠮᠳᠡᠭ ᠢ ᠡᠭᠦᠳᠴᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠡᠷᠡᠭᠲᠡᠢ ᠭᠡᠵᠦ ᠴᠢᠬᠤᠯᠠᠴᠢᠯᠠᠪᠠ᠃
ᠳ᠋ᠦᠩᠱᠧᠩ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠲᠤ᠂ ᠯᠢ ᠯᠢ ᠮᠦᠴᠡ ᠶᠢᠨ ᠣᠷᠣᠨ ᠵᠠᠢ ᠶᠢᠨ ᠰᠤᠳᠤᠯᠭᠠᠨ ᠤ ᠰᠠᠭᠤᠷᠢᠨ ᠭᠠᠵᠠᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠴᠢᠨᠠᠷ ᠰᠠᠶᠢᠲᠠᠢ ᠪᠠᠷ ᠰᠤᠳᠤᠯᠤᠨ ᠰᠤᠷᠤᠯᠴᠠᠬᠤ ᠳᠠᠳᠤᠯᠭ᠎ᠠ ᠪᠣᠯᠪᠠᠰᠤᠷᠠᠯ ᠤᠨ ᠬᠢᠴᠢᠶᠡᠯ ᠤᠨ ᠲᠣᠭᠲᠠᠯᠴᠠᠭ᠎ᠠ ᠶᠢ ᠨᠡᠭᠡᠭᠡᠨ ᠬᠥᠭᠵᠢᠭᠦᠯᠵᠦ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠷᠢᠨ ᠭᠠᠵᠠᠷ ᠢ ᠶᠠᠰᠤ ᠴᠢᠨᠠᠷ ᠰᠠᠶᠢᠲᠠᠢ ᠪᠠᠷ ᠪᠦᠲᠦᠭᠡᠨ ᠪᠠᠶᠢᠭᠤᠯᠵᠤ ᠠᠵᠢᠯᠯᠠᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ ᠣᠷᠤᠯᠴᠠᠪᠠ᠃