ᠵᠤᠬᠢᠶᠠᠭᠴᠢ:
ᠴᠠᠭ:2025-04-04
ᠥᠵᠡᠭᠰᠡᠨ : ℃
ᠢᠷᠡᠯᠲᠡ:
ᠢᠦᠢ ᠬᠠᠢ ᠢᠦᠢ ᠪᠦᠯᠬᠦᠮ ᠳᠠᠭᠠᠭᠤᠯᠤᠨ ᠵᠢᠶᠠᠩᠰᠦ ᠳᠤ ᠬᠦᠷᠴᠦ ᠠᠵᠢᠯ ᠢᠶᠠᠨ ᠵᠣᠯᠭᠠᠭᠤᠯᠵᠤ ᠰᠢᠨᠵᠢᠯᠡᠨ ᠪᠠᠶᠢᠴᠠᠭᠠᠨ ᠰᠤᠷᠤᠯᠴᠠᠵᠤ ᠠᠷᠠᠯᠵᠢᠶᠠᠴᠢᠨ ᠤᠷᠢᠵᠤ ᠪᠡᠯᠡ ᠣᠷᠤᠭᠤᠯᠪᠠ
2025 3 ᠰᠠᠷ᠎ᠠ ᠶᠢᠨ 29 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠢᠦᠢ ᠬᠠᠢ ᠢᠦᠢ ᠪᠦᠯᠬᠦᠮ ᠳᠠᠭᠠᠭᠤᠯᠤᠨ ᠵᠢᠶᠠᠩᠰᠦ ᠳᠤ ᠬᠦᠷᠴᠦ ᠠᠵᠢᠯ ᠢᠶᠠᠨ ᠵᠣᠯᠭᠠᠭᠤᠯᠵᠤ᠂ ᠰᠢᠨᠵᠢᠯᠡᠨ ᠪᠠᠶᠢᠴᠠᠭᠠᠨ ᠰᠤᠷᠤᠯᠴᠠᠵᠤ᠂ ᠠᠷᠠᠯᠵᠢᠶᠠᠴᠢᠨ ᠤᠷᠢᠵᠤ ᠪᠡᠯᠡ ᠣᠷᠤᠭᠤᠯᠪᠠ᠃
ᠨᠠᠨᠵᠢᠩ ᠬᠤᠳᠠ ᠳᠤ᠂ ᠢᠦᠢ ᠬᠠᠢ ᠢᠦᠢ ᠨᠠᠨᠵᠢᠩ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠧᠨ ᡁᠢ ᠴᠠᠩ᠂ ᠵᠢᠶᠠᠩᠰᠦ ᠮᠤᠵᠢ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ ᠴᠢ ᠢᠦᠢ ᠰᠦᠩ ᠲᠠᠢ ᠠᠭᠤᠯᠵᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠤᠴᠢᠷ ᠶᠠᠪᠤᠳᠠᠯ ᠢ ᠵᠣᠯᠭᠠᠭᠤᠯᠪᠠ᠃ ᠡᠯ᠎ᠡ ᠲᠠᠯ᠎ᠠ ᠶᠢᠨ ᠬᠢᠨ ᠨᠠᠨᠵᠢᠩ ᠬᠤᠳᠠ ᠪᠣᠯᠤᠨ ᠤᠷᠳᠤᠰ ᠬᠤᠳᠠ ᠶᠢᠨ ᠨᠥᠬᠦᠷᠰᠡᠭ ᠬᠤᠳᠠ ᠶᠢᠨ ᠬᠠᠷᠢᠯᠴᠠᠭ᠎ᠠ ᠪᠠᠷ ᠬᠤᠯᠪᠣᠭᠠᠰᠤ ᠪᠣᠯᠭᠠᠵᠤ᠂ ᠥᠪᠥᠷ ᠮᠣᠩᠭᠤᠯ ᠤᠨ ᠴᠠᠬᠢᠯᠭᠠᠨ ᠢ ᠰᠦᠵᠸᠤ ᠳᠤ ᠣᠷᠣᠭᠤᠯᠬᠤ ᠢᠨᠵᠧᠨᠧᠷᠢᠩ ᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠦᠮᠦᠨ ᠨᠡᠶᠢᠭᠡᠮ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠬᠠᠷᠢᠯᠴᠠᠨ ᠬᠦᠴᠦᠨ ᠨᠡᠮᠡᠷᠢᠯᠡᠬᠦ ᠳᠤᠮᠳᠠ ᠨᠡᠩ ᠰᠠᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
ᠰᠦᠵᠧᠦ ᠬᠤᠲᠠ ᠳᠤ᠂ ᠢᠦᠢ ᠬᠠᠢ ᠢᠦᠢ ᠵᠠᠩ ᠵᠢᠶᠠ ᠭᠠᠩ ᠬᠤᠲᠠ ᠶᠢᠨ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠤᠭᠰᠠᠨ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠰᠢᠨᠵᠢᠯᠡᠨ ᠪᠠᠶᠢᠴᠠᠭᠠᠪᠠ᠃ ᠲᠡᠷᠡ᠂ ᠨᠠᠷᠢᠨ ᠬᠢᠨᠠᠮᠠᠭᠠᠢ ᠰᠤᠷᠤᠯᠴᠠᠨ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠲᠠᠯ᠎ᠠ ᠪᠠᠷ ᠵᠣᠷᠢᠭᠲᠠᠢ ᠪᠠᠷ ᠬᠢᠵᠦ᠂ ᠵᠣᠷᠢᠭᠲᠠᠢ ᠪᠠᠷ ᠲᠤᠷᠰᠢᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤᠮᠳᠠ ᠲᠦᠷᠦᠭᠦᠯᠡᠵᠦ ᠳᠠᠭᠤᠷᠢᠶᠠᠯ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃
ᠡᠨᠡ ᠬᠤᠭᠤᠴᠠᠭᠠᠨ ᠳᠤ᠂ ᠢᠦᠢ ᠬᠠᠢ ᠢᠦᠢ ᠪᠠᠰᠠ ᠢᠦᠢ ᠪᠠᠩ ᠰᠢᠨ᠎ᠡ ᠮᠠᠲ᠋ᠧᠷᠢᠶᠠᠯ᠂ ᠲᠦᠩ ᠴᠧᠩ ᠪᠦᠯᠦᠭᠯᠡᠯ᠂ ᠹᠧᠶ ᠰᠢᠶᠠᠩ ᠬᠢᠮᠢ ᠶᠢᠨ ᠠᠵᠤ ᠦᠢᠯᠡᠳᠪᠦᠷᠢ᠂ ᠸᠠᠨ ᠪᠠᠩ ᠲᠣᠭᠠᠴᠢᠯᠠᠭᠰᠠᠨ ᠡᠨᠧᠷᠭᠢ᠂ ᠨᠠᠨ ᠷᠦᠢ ᠪᠦᠯᠦᠭᠯᠡᠯ ᠵᠡᠷᠭᠡ ᠠᠵᠤ ᠠᠬᠤᠶᠢᠯᠠᠯ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠵᠦ᠂ ᠵᠥᠪᠳᠡᠯᠴᠡᠨ ᠬᠠᠮᠲᠤᠷᠠᠯᠴᠠᠵᠤ᠂ ᠨᠠᠨᠵᠢᠩ᠂ ᠥᠰᠢ᠂ ᠰᠦᠵᠧᠦ᠂ ᠴᠠᠩᠵᠧᠦ ᠳᠤ ᠶᠠᠪᠤᠭᠳᠠᠭᠰᠠᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠣᠷᠳᠣᠰ ᠬᠤᠲᠠ ᠪᠣᠯ ᠨᠢᠭᠡᠨ ᠪᠣᠳᠠᠲᠤ ᠬᠦᠴᠦᠨ ᠢᠶᠠᠷ ᠴᠢᠩᠭ᠎ᠠ᠂ ᠮᠠᠰᠢ ᠶᠡᠭᠡ ᠲᠠᠲᠠᠬᠤ ᠬᠦᠴᠦᠨ ᠲᠠᠢ᠂ ᠣᠷᠣᠰᠢᠨ ᠰᠠᠭᠤᠬᠤ ᠳᠤ ᠲᠠᠭᠠᠲᠠᠢ᠂ ᠬᠢᠵᠠᠭᠠᠷ ᠥᠬᠡᠶ ᠳᠠᠯᠳᠠ ᠬᠦᠴᠦᠨ ᠲᠠᠢ ᠬᠤᠲᠠ ᠮᠥᠨ᠂ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠲᠠᠢ᠂ ᠪᠣᠬᠢᠷᠲᠤᠯ ᠥᠬᠡᠶ ᠴᠠᠬᠢᠯᠭᠠᠨ ᠬᠦᠴᠦᠨ ᠨᠡᠮᠡᠷᠢᠯᠡᠭᠰᠡᠨ᠂ ᠠᠵᠤ ᠦᠢᠯᠡᠰ ᠢᠵᠢ ᠪᠥᠷᠢᠳᠦᠭᠰᠡᠨ᠂ ᠬᠦᠴᠦᠨ ᠵᠦᠢᠯ ᠤᠨ ᠪᠠᠲᠤᠯᠠᠭ᠎ᠠ ᠲᠠᠢ ᠵᠡᠷᠭᠡ ᠣᠯᠠᠨ ᠲᠠᠯ᠎ᠠ ᠶᠢᠨ ᠳᠠᠪᠠᠭᠤᠯᠢᠭ ᠲᠠᠢ ᠶᠤᠮ᠃ ᠣᠳᠣᠬᠠᠨ ᠳᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ 《ᠵᠢᠷᠭᠤᠭᠠᠨ ᠢᠨᠵᠧᠨᠧᠷᠢᠩ》 ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭᠠᠨ ᠠᠵᠢᠯᠯᠠᠭ᠎ᠠ》 ᠶᠢ ᠨᠠᠷᠢᠨ ᠬᠢᠨᠠᠮᠠᠭᠠᠢ ᠥᠷᠨᠢᠭᠦᠯᠵᠦ᠂ 《ᠭᠤᠷᠪᠠᠨ ᠲᠦᠷᠪᠡ》 ᠶᠢᠨ ᠠᠵᠢᠯ ᠤᠨ ᠡᠭᠦᠷᠭᠡ ᠶᠢ ᠲᠥᠷᠭᠡᠳᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃ ᠡᠯ᠎ᠡ ᠲᠤᠮᠤ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠤᠰᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠬᠦ ᠶᠢ ᠤᠷᠢᠵᠤ ᠪᠠᠶᠢᠨ᠎ᠠ ᠭᠡᠪᠡ᠃ ᠬᠤᠷᠠᠯ ᠳᠤ ᠣᠷᠣᠯᠴᠠᠭᠰᠠᠳ ᠤᠷᠳᠤᠰ ᠬᠤᠳᠠ ᠭᠡᠭᠡᠨ ᠰᠠᠷᠠᠭᠤᠯ ᠬᠥᠭᠵᠢᠯᠲᠡ ᠶᠢᠨ ᠢᠷᠡᠭᠡᠳᠦᠢ ᠲᠠᠢ ᠪᠠᠶᠢᠵᠤ᠂ ᠵᠣᠯᠭᠠᠭᠤᠯᠤᠨ ᠬᠠᠮᠲᠤᠷᠠᠯᠴᠠᠬᠤ ᠪᠠᠨ ᠴᠢᠨᠠᠭᠰᠢᠳᠠ ᠴᠢᠩᠭᠠᠳᠬᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
ᠬᠤᠲᠠ ᠶᠢᠨ ᠤᠳᠤᠷᠢᠳᠤᠯᠭ᠎ᠠ ᠬᠤᠸᠠᠩ ᠶᠠᠨ ᠵᠠᠩ᠂ ᠡᠤ ᠵᠢᠶᠠᠨ ᠰᠢᠶᠦ᠋ᠨ᠂ ᠵᠠᠩ ᠰᠢᠤ ᠯᠢᠩ ᠲᠣᠰ ᠲᠣᠰ ᠣᠷᠤᠯᠴᠠᠪᠠ᠃