ᠵᠤᠬᠢᠶᠠᠭᠴᠢ:
ᠴᠠᠭ:2025-05-10
ᠥᠵᠡᠭᠰᠡᠨ : ℃
ᠢᠷᠡᠯᠲᠡ: ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠮᠤᠤᠠᠤᠰᠤ ᠶᠢᠨ ᠡᠯᠡᠰᠦᠷᠬᠡᠭ ᠭᠠᠵᠠᠷ ᠤᠨ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠲᠦᠷᠦᠯ ᠵᠦᠢᠯ ᠤᠨ ᠡᠭᠦᠷᠭᠡ ᠶᠢᠨ ᠬᠠᠭᠠᠰ ᠢ ᠨᠢ ᠪᠡᠶᠡᠯᠡᠭᠦᠯᠪᠡ
ᠶᠡᠷᠦᠩᠬᠡᠢ ᠱᠦᠵᠢ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠳᠠ ᠲᠦᠷᠦᠭᠦᠯᠡᠨ ᠮᠤᠤᠠᠤᠰᠤ ᠶᠢᠨ ᠡᠯᠡᠰᠦᠷᠬᠡᠭ ᠭᠠᠵᠠᠷ ᠤᠨ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠰᠠᠨᠠᠭᠠᠴᠢᠯᠠᠪᠠ᠃ ᠲᠥᠷᠥᠯ ᠵᠦᠢᠯ ᠤᠨ ᠲᠣᠭᠤᠷᠢᠭ ᠨᠢ ᠦᠦᠰᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠪᠣᠯᠣᠨ ᠱᠠᠨᠰᠢ᠂ ᠨᠢᠩᠰᠢᠶᠠ ᠶᠢᠨ ᠠᠭᠤᠯᠵᠠᠷ ᠭᠠᠵᠠᠷ ᠲᠤ ᠪᠠᠶᠢᠷᠢᠯᠠᠵᠤ᠂ ᠭᠤᠣᠯᠳᠠᠭᠤ ᠪᠣᠲᠠᠯᠢᠭ ᠤᠷᠭᠤᠮᠠᠯ ᠪᠠ ᠡᠪᠡᠰᠦᠯᠢᠭ ᠤᠷᠭᠤᠮᠠᠯ ᠢ ᠬᠤᠯᠢᠯᠳᠤᠭᠤᠯᠤᠨ ᠲᠠᠷᠢᠬᠤ᠂ ᠬᠥᠮᠥᠨ ᠤ ᠬᠦᠴᠦ ᠪᠠᠷ ᠡᠪᠡᠰᠦ ᠲᠠᠷᠢᠬᠤ ᠪᠠ ᠢᠨᠵᠸᠨ᠋ᠸᠷᠩ ᠢᠶᠡᠷ ᠡᠯᠡᠰᠦ ᠶᠢ ᠲᠣᠭᠲᠠᠪᠤᠷᠢᠵᠢᠭᠤᠯᠬᠤ ᠶᠢ ᠤᠶᠠᠯᠳᠤᠭᠤᠯᠤᠨ ᠵᠠᠰᠠᠬᠤ ᠵᠠᠭᠪᠤᠷ ᠢ ᠬᠡᠷᠡᠭᠯᠡᠵᠦ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠭᠤᠷᠪᠠᠨ ᠮᠤᠵᠢ ᠣᠷᠣᠨ ᠤ ᠠᠭᠤᠯᠵᠠᠷ ᠲᠤ ᠥᠪᠥᠷ ᠮᠣᠩᠭᠤᠯ ᠱᠠᠨᠰᠢ ᠶᠢᠨ ᠵᠠᠭᠠᠭ᠂ ᠥᠪᠥᠷ ᠮᠣᠩᠭᠤᠯ ᠨᠢᠩᠰᠢᠶᠠ ᠶᠢᠨ ᠵᠠᠭᠠᠭ ᠲᠤ ᠬᠤᠶᠠᠷ ᠵᠤᠷᠪᠤᠰ ᠪᠣᠬᠢᠷᠲᠤᠯ ᠦᠭᠡᠢ《ᠰᠠᠯᠬᠢᠨ ᠢ ᠬᠠᠯᠬᠠᠯᠠᠨ ᠡᠯᠡᠰᠦ ᠶᠢ ᠬᠤᠷᠢᠭᠯᠠᠬᠤ ᠪᠦᠰᠡ》 ᠶᠢ ᠠᠯᠬᠤᠮ ᠠᠯᠬᠤᠮ ᠢᠶᠠᠷ ᠪᠠᠶᠢᠭᠤᠯᠬᠤ ᠪᠠᠷ ᠲᠥᠯᠥᠪᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ 35.5 ᠲᠦᠮᠡᠨ ᠮᠦ ᠵᠠᠰᠠᠨ᠎ᠠ᠃ ᠣᠳᠣᠬᠠᠨ ᠪᠣᠯᠲᠠᠯ᠎ᠠ᠂ 20.41 ᠲᠦᠮᠡᠨ ᠮᠦ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠵᠤ᠂ ᠶᠡᠷᠦᠩᠬᠡᠢ ᠡᠭᠦᠷᠭᠡ ᠶᠢᠨ 57.5% ᠶᠢ ᠂ ᠡᠭᠦᠨ ᠳᠤ 《ᠢᠨᠵᠸᠨ᠋ᠸᠷᠩ ᠢᠶᠡᠷ ᠡᠯᠡᠰᠦ ᠶᠢ ᠲᠣᠭᠲᠠᠪᠤᠷᠢᠵᠢᠭᠤᠯᠬᠤ + ᠳᠠᠷᠢᠬᠤ》ᠵᠠᠭᠪᠤᠷ ᠢᠶᠠᠷ 10.46 ᠲᠦᠮᠡᠨ ᠮᠦ ᠪᠠ 9.95 ᠲᠦᠮᠡᠨ ᠮᠦ ᠵᠠᠰᠠᠪᠠ᠃