ᠵᠤᠬᠢᠶᠠᠭᠴᠢ:
ᠴᠠᠭ:2025-04-28
ᠥᠵᠡᠭᠰᠡᠨ : ℃
ᠢᠷᠡᠯᠲᠡ:
ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ《ᠰᠣᠶᠣᠯ ᠤᠨ ᠬᠦᠴᠦᠷᠬᠡᠭ ᠤᠯᠤᠰ ᠢ ᠲᠥᠷᠭᠡᠳᠭᠡᠨ ᠪᠦᠲᠦᠭᠡᠨ ᠪᠠᠶᠢᠭᠤᠯᠬᠤ ᠬᠡᠷᠡᠭᠲᠡᠢ》ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠠᠨ ᠤ ᠬᠤᠳᠠ ᠶᠢᠨ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠥᠷᠭᠡᠳᠭᠡᠨ ᠠᠬᠢᠭᠤᠯᠵᠤ᠂ ᠰᠣᠶᠣᠯ ᠤᠨ ᠲᠦᠷᠤᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠣᠭᠤᠷᠢᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠵᠡᠷᠭᠡ ᠠᠵᠢᠯ ᠢ ᠪᠠᠶᠢᠷᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠂《ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ》 ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠡᠯ᠎ᠡ ᠲᠥᠷᠥᠯ ᠤᠨ ᠠᠵᠢᠯ ᠢ ᠤᠷᠤᠭᠰᠢ ᠠᠬᠢᠭᠤᠯᠬᠤ᠂ ᠪᠣᠳᠠᠲᠠᠢ ᠬᠢᠬᠦ ᠶᠢ ᠠᠬᠢᠭᠤᠯᠵᠤ᠂ ᠪᠤᠢ ᠪᠦᠬᠦᠢ ᠠᠰᠠᠭᠤᠳᠠᠯ ᠢ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠬᠠᠯᠠᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨᠲᠠ ᠴᠢᠬᠤᠯᠠᠴᠢᠯᠠᠵᠤ᠂ ᠠᠵᠢᠯ ᠤᠨ ᠲᠠᠯ᠎ᠠ ᠪᠠᠷ ᠳᠠᠬᠢᠨᠲᠠ ᠳᠠᠷᠤᠯᠲᠠ ᠦᠵᠡᠭᠦᠯᠵᠦ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨᠲᠠ ᠪᠠᠲᠤᠳᠬᠠᠵᠤ᠂《ᠵᠠᠰᠠᠬᠤ》ᠪᠠ 《ᠪᠠᠲᠤᠯᠠᠬᠤ》ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠥᠬᠦ ᠬᠤᠲᠠ ᠶᠢᠨ《ᠲᠠᠪᠤᠨ ᠶᠡᠭᠡ ᠡᠭᠦᠷᠭᠡ》 ᠶᠢ ᠪᠡᠶᠡᠯᠡᠭᠦᠯᠦᠭᠰᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠰᠤᠳᠤᠯᠤᠭᠰᠠᠨ ᠪᠠᠶᠢᠨ᠎ᠠ᠃《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠬᠦ᠂《ᠵᠢᠷᠭᠤᠭᠠᠨ ᠠᠵᠢᠯᠯᠠᠭ᠎ᠠ》 ᠶᠢ ᠥᠷᠨᠢᠭᠦᠯᠬᠦ᠂《ᠭᠤᠷᠪᠠᠨ ᠳᠥᠷᠪᠡ》 ᠶᠢᠨ ᠠᠵᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠲᠠᠢ ᠤᠶᠠᠯᠳᠤᠭᠤᠯᠵᠤ᠂ ᠲᠥᠷᠥᠯ ᠵᠦᠶᠯᠴᠢᠯᠡᠨ ᠠᠬᠢᠭᠤᠯᠬᠤ᠂ ᠨᠠᠷᠢᠨ ᠬᠠᠭᠤᠳᠠᠰᠤ ᠶᠢᠨ ᠬᠡᠯᠪᠡᠷᠢ ᠪᠠᠷ ᠲᠣᠬᠢᠷᠠᠭᠤᠯᠤᠨ᠂ ᠬᠠᠷᠠᠯᠲᠠ ᠲᠠᠢ ᠪᠠᠷ ᠬᠢᠨᠠᠨ ᠰᠢᠯᠭᠠᠷᠠᠭᠤᠯᠵᠤ᠂ ᠡᠯ᠎ᠡ ᠲᠥᠷᠥᠯ ᠤᠨ ᠠᠵᠢᠯ ᠳᠤ ᠠᠯᠢ ᠲᠦᠷᠭᠡᠨ ᠢᠶᠠᠷ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠮᠠᠨ ᠤ ᠬᠤᠲᠠ ᠶᠢᠨ《ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠂《ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠵᠢᠴᠢ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ》ᠵᠡᠷᠭᠡ ᠲᠥᠰᠥᠯ ᠢ ᠬᠢᠨᠠᠨ ᠵᠥᠪᠯᠡᠵᠦ᠂ ᠪᠤᠰᠤᠳ ᠤᠴᠢᠷ ᠶᠠᠪᠤᠳᠠᠯ ᠢ ᠰᠤᠳᠤᠯᠪᠠ᠃
ᠬᠤᠷᠠᠯ ᠠᠴᠠ ᠡᠮᠦᠨ᠎ᠡ ᠬᠠᠮᠲᠤ ᠪᠠᠷ ᠬᠠᠤᠯᠢ ᠰᠤᠷᠤᠯᠴᠠᠵᠤ᠂ ᠤᠯᠤᠰ ᠤᠨ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠤᠰᠤᠨ ᠰᠢᠨᠵᠢᠯᠡᠭᠡᠨ ᠤ ᠲᠣᠪᠴᠢᠶ᠎ᠠ ᠶᠢᠨ ᠤᠰᠤᠨ ᠤ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠷᠧᠨ ᠱᠦᠨ ᠫᠢᠩ ᠢ ᠤᠷᠢᠵᠤ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ》 ᠶᠢᠨ ᠲᠤᠬᠠᠢ ᠰᠢᠰᠲ᠋ᠧᠮ ᠲᠠᠢ ᠲᠠᠶᠢᠯᠤᠮᠵᠢ ᠬᠢᠯᠭᠡᠪᠡ᠃