ᠵᠤᠬᠢᠶᠠᠭᠴᠢ:
ᠴᠠᠭ:2025-05-30
ᠥᠵᠡᠭᠰᠡᠨ : ℃
ᠢᠷᠡᠯᠲᠡ:
ᠢᠦᠢ ᠬᠠᠢ ᠢᠦᠢ ᠤᠳᠤᠭ ᠤᠨ ᠡᠮᠦᠨᠡᠲᠦ ᠬᠤᠰᠢᠭᠤ ᠦᠦᠰᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤᠨ ᠳᠤ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠠᠵᠢᠯ ᠢ ᠪᠠᠶᠢᠴᠠᠭᠠᠨ ᠰᠤᠳᠤᠯᠪᠠ᠃
ᠣᠷᠳᠣᠰ ᠤᠨ ᠮᠣᠭᠠᠶᠢᠲᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠯᠵᠠᠴᠢ ᠪᠠᠯᠭᠠᠰᠤ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠰᠢᠷᠬᠤᠰᠤᠨ ᠭᠤᠣᠯ ᠤᠨ ᠳ᠋ᠠ ᠼᠤᠤ ᠸᠠᠨ ᠤᠰᠤ ᠲᠠᠲᠠᠬᠤ ᠠᠮᠠᠰᠠᠷ ᠵᠢᠴᠢ ᠢᠦᠢ ᠵᠧᠨ ᠠᠮᠢ ᠠᠬᠤᠢ ᠶᠢᠨ ᠬᠦᠷᠢᠶᠡᠯᠡᠩ᠂ ᠣᠩᠭᠤᠨ ᠮᠠᠩᠬ᠎ᠠ ᠡᠯᠡᠰᠦᠨ ᠴᠦᠯ ᠤᠨ ᠴᠡᠴᠡᠷᠯᠢᠭ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠥᠪᠥᠷ ᠮᠣᠩᠭᠤᠯ ᠱᠠᠨᠰᠢ ᠨᠢᠩᠰᠢᠶᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠢᠦᠢ ᠬᠠᠢ ᠢᠦᠢ ᠠᠴᠠ ᠤᠷᠭᠤᠮᠠᠯ ᠤᠨ ᠬᠤᠴᠢᠯᠭ᠎ᠠ ᠶᠢᠨ ᠬᠠᠮᠠᠭᠠᠯᠠᠯᠲᠠ᠂ ᠤᠰᠤᠨ ᠰᠢᠰᠲ᠋ᠧᠮ ᠤᠨ ᠵᠠᠰᠠᠯᠲᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠᠶᠢᠳᠠᠯ ᠵᠡᠷᠭᠡ ᠨᠠᠷᠢᠨ ᠣᠶᠢᠯᠠᠭᠠᠪᠠ᠃ ᠲᠡᠷᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠲᠣᠭᠲᠠᠯᠴᠠᠭ᠎ᠠ ᠶᠢᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ ᠥᠷᠭᠡᠳᠬᠡᠬᠦ ᠬᠡᠷᠡᠭᠲᠡᠢ᠃ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠠᠷ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
ᠷᠦᠨ ᠶᠠᠩ ᠭᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ᠂ ᠱᠧᠨ ᠨᠧᠩ ᠭᠡᠷᠡᠯ ᠴᠡᠨᠡᠭ ᠢᠶᠠᠷ ᠤᠰᠤᠲᠦ᠋ᠷᠦᠭᠴᠢ ᠦᠢᠯᠡᠳᠬᠦ᠂ ᠨᠧᠩ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠢᠦᠢ ᠬᠠᠢ ᠢᠦᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂《ᠰᠢᠨ᠎ᠡ ᠡᠨᠧᠷᠭᠢ +》 ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠂ ᠲᠣᠨᠣᠭᠯᠠᠯ ᠦᠢᠯᠡᠳᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂ ᠦᠢᠯᠡᠳᠪᠦᠷᠢᠯᠡᠯ ᠤᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠶᠢ ᠬᠠᠪᠰᠤᠷᠤᠨ ᠵᠢᠯᠤᠭᠤᠳᠬᠤ ᠬᠡᠷᠡᠭᠲᠡᠢ ᠭᠡᠵᠦ ᠵᠠᠬᠢᠪᠠ᠃
ᠨᠠᠩᠰᠤ ᠪᠠᠯᠭᠠᠰᠤ ᠶᠢᠨ ᠠᠯᠠᠭᠠᠳᠠᠬᠤ ᠪᠥᠮᠪᠦᠭᠡ ᠶᠢᠨ ᠰᠣᠶᠣᠯ ᠤᠨ ᠦᠵᠡᠭᠦᠯᠭᠡ ᠶᠢᠨ ᠲᠢᠩᠬᠢᠮ ᠳᠤ᠂ ᠮᠢᠩ ᠤᠯᠤᠰ ᠤᠨ ᠤᠷᠳᠤ ᠴᠠᠭᠠᠨ ᠬᠡᠷᠡᠮ᠂ ᠥᠪᠥᠷ ᠮᠣᠩᠭᠤᠯ ᠤᠨ ᠪᠤᠷᠤᠪᠠᠯᠭᠠᠰᠤ ᠶᠢᠨ ᠺᠠᠳ᠋ᠷᠴᠤᠳ ᠤᠨ ᠳᠡᠭᠡᠳᠦ ᠰᠤᠷᠭᠠᠭᠤᠯᠢ᠂ ᠰᠢᠷᠬᠤᠰᠤᠨ ᠪᠠᠭᠤᠷᠢ ᠶᠢᠨ ᠮᠦᠽᠧᠢ᠂ ᠪᠠᠲᠤ ᠶᠢᠨ ᠳᠣᠬᠤᠢ ᠶᠢᠨ ᠬᠤᠪᠢᠰᠬᠠᠯᠲᠤ ᠰᠣᠶᠣᠯ ᠤᠨ ᠪᠠᠯᠭᠠᠰᠤ᠂ ᠮᠠᠯᠵᠢᠬᠤ ᠳ᠋ᠠᠵᠠᠢ ᠶᠢᠨ ᠮᠦᠽᠧᠢ ᠳᠤ᠂ ᠢᠦᠢ ᠬᠠᠢ ᠢᠦᠢ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠬᠤᠪᠢᠰᠬᠠᠯᠲᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠢᠯᠢᠳᠡᠭ ᠰᠣᠶᠣᠯ ᠢ ᠭᠦᠨᠵᠡᠭᠡᠢ ᠠᠭᠤᠳᠠᠯᠬᠤ ᠶᠢᠨ ᠬᠠᠮᠲᠤ ᠶᠡᠬᠡᠪᠡᠷ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠵᠤ᠂《ᠰᠣᠶᠣᠯ ᠵᠢᠭᠤᠯᠴᠢᠯᠠᠯ + ᠤᠷᠤᠯᠳᠤᠭᠠᠨ》ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠨᠡᠩ ᠶᠡᠭᠡ ᠲᠠᠲᠠᠬᠤ ᠬᠦᠴᠦᠨ ᠲᠠᠢ ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠬᠤ ᠬᠡᠷᠡᠭᠲᠡᠢ ᠭᠡᠪᠡ᠃
ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠢᠦᠢ ᠬᠠᠢ ᠢᠦᠢ ᠪᠠᠰᠠ ᠠᠶᠢᠯ ᠡᠷᠦᠬᠡ ᠳᠤ ᠬᠦᠷᠴᠦ᠂ ᠤᠯᠠᠨ ᠲᠦᠮᠡᠨ ᠤ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ᠂ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠣᠶᠢᠯᠭᠠᠪᠠ᠃
ᠬᠤᠲᠠ ᠶᠢᠨ ᠤᠳᠤᠷᠢᠳᠤᠯᠭ᠎ᠠ ᠭᠤᠤ ᠸᠧᠨ ᠾᠧ᠂ ᠵᠢᠷᠤᠮᠲᠤ ᠲᠣᠰ ᠲᠣᠰ ᠠᠵᠢᠯᠯᠠᠭ᠎ᠠ ᠳᠤ ᠣᠷᠣᠯᠴᠠᠪᠠ᠃