ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ:
ᠣᠷᠳᠣᠰ ᠬᠤᠲᠠ ᠵᠠᠰᠠᠭ ᠤᠨ ᠣᠷᠳᠣᠨ ᠤ ᠶᠠᠷᠢᠶᠠᠨ ᠤ ᠲᠠᠩᠬᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠷᠠᠯ ᠬᠢᠪᠡ
2025 5 ᠳ᠋ᠤᠭᠠᠷ ᠰᠠᠷ᠎ᠠ ᠶᠢᠨ 8 ᠤ ᠡᠳᠦᠷ ᠠᠴᠠ 12 ᠤᠨ ᠡᠳᠦᠷ ᠪᠣᠯᠲᠠᠯ᠎ᠠ᠂ ᠣᠷᠳᠣᠰ ᠬᠤᠲᠠ ᠵᠠᠰᠠᠭ ᠤᠨ ᠣᠷᠳᠣᠨ ᠤ ᠶᠠᠷᠢᠶᠠᠨ ᠤ ᠲᠠᠩᠬᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠷᠠᠯ ᠬᠢᠪᠡ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 30 ᠭᠤᠣᠯ ᠬᠠᠷᠢᠭᠤᠴᠠᠯᠭᠠᠲᠠᠨ ᠨᠠᠷ ᠲᠣᠰ ᠲᠣᠰ ᠤᠨ ᠬᠦᠷᠢᠶᠡᠨ ᠳᠠᠬᠢ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠭᠤᠣᠯᠳᠠᠯᠭ᠎ᠠ ᠲᠠᠢ ᠠᠵᠢᠯ ᠪᠠ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠪᠥᠬᠦ ᠬᠤᠲᠠ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠃ ᠲᠠᠶᠢᠯᠤᠮᠵᠢ ᠶᠢᠨ ᠬᠤᠷᠠᠯ ᠨᠢ ᠪᠦᠷᠢᠨ ᠭᠦᠢᠴᠡᠳ ᠠᠭᠤᠯᠭ᠎ᠠ᠂ ᠡᠯᠪᠡᠭ ᠪᠠᠶᠠᠯᠢᠭ ᠬᠡᠷᠡᠭ ᠤᠨ ᠵᠢᠱᠢᠶ᠎ᠡ᠂ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠢᠶᠠᠨ ᠮᠠᠰᠢ ᠴᠢᠩᠭ᠎ᠠ ᠵᠢᠯᠤᠭᠤᠳᠬᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠪᠠᠶᠢᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠴᠢᠨᠠᠭᠰᠢᠳᠠ ᠭᠦᠨᠵᠡᠭᠡᠢ ᠠᠬᠢᠭᠤᠯᠵᠤ᠂ ᠪᠦᠬᠦ ᠬᠤᠳᠠ ᠪᠠᠷ ᠢᠶᠠᠨ ᠲᠦᠷᠦ ᠶᠢᠨ ᠪᠣᠳᠣᠯᠭ᠎ᠠ ᠶᠢ ᠴᠢᠨᠠᠭᠰᠢᠳᠠ ᠰᠠᠶᠢᠲᠤᠷ ᠰᠣᠷᠣᠯᠴᠠᠨ ᠬᠡᠷᠡᠭᠯᠡᠵᠦ᠂ ᠭᠦᠢᠴᠡᠳ ᠬᠡᠷᠡᠭᠯᠡᠬᠦ ᠶᠢ ᠠᠬᠢᠭᠤᠯᠵᠤ᠂ ᠬᠤᠳᠠ ᠬᠤᠰᠢᠭᠤ ᠲᠣᠭᠤᠷᠢᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠨᠡᠩ ᠤᠯᠠᠨ ᠣᠶᠤᠨᠴᠢ ᠲᠤᠯᠭᠠᠭᠤᠷᠢᠯᠠᠯ ᠬᠠᠩᠭᠠᠪᠠ᠃
ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠃