ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ:
ᠬᠤᠳᠠ ᠶᠢᠨ ᠵᠠᠰᠠᠭ ᠤᠨ ᠣᠷᠳᠣᠨ ᠪᠦᠬᠦ ᠬᠤᠳᠠ ᠶᠢᠨ ᠵᠠᠯᠠᠭᠤ ᠠᠵᠤ ᠠᠬᠤᠶᠢᠯᠠᠯᠲᠠᠳ ᠤᠨ ᠦᠢᠯᠡᠰ ᠪᠣᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ
2025 5 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ ᠵᠠᠯᠠᠭᠤ ᠠᠵᠤ ᠠᠬᠤᠶᠢᠯᠠᠯᠲᠠᠳ ᠤᠨ ᠦᠢᠯᠡᠰ ᠪᠣᠰᠬᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠯᠠᠭᠤ ᠠᠵᠤ ᠠᠬᠤᠶᠢᠯᠠᠯᠲᠠᠨ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠶᠢ ᠤᠷᠢᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠵᠠᠯᠠᠭᠤ ᠠᠵᠤ ᠠᠬᠤᠶᠢᠯᠠᠯᠲᠠᠳ ᠤᠨ ᠡᠷᠡᠭᠦᠯ ᠢᠶᠠᠷ ᠦᠰᠦᠨ ᠪᠣᠶᠢᠵᠢᠬᠤ ᠰᠡᠳᠬᠢᠴᠡ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠪᠡ᠃
ᠬᠤᠷᠠᠯ ᠳᠤ᠂ ᠺᠠ ᠡᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠧᠢ ᠵᠢᠶᠦ᠋ᠨ ᠴᠢᠩ᠂ ᠶᠠᠨ ᠴᠢᠩ᠂ ᠣᠷᠴᠢᠨ ᠲᠣᠭᠤᠷᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ CEO ᠰᠠᠢ ᠱᠢ ᠵᠢᠶᠧ᠂ ᠣᠷᠳᠣᠰ ᠤᠨ ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠳᠡᠳ᠋ ᠡᠷᠬᠢᠯᠡᠭᠴᠢ ᠵᠠᠩ ᠴᠧᠨ ᠰᠢ ᠵᠡᠷᠭᠡ 22 ᠵᠠᠯᠠᠭᠤ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠲᠤᠰ ᠲᠤᠰ ᠦᠭᠡ ᠬᠡᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠯᠠᠭᠤ ᠠᠵᠤ ᠠᠬᠤᠶᠢᠯᠠᠯᠲᠠᠨ ᠢ ᠬᠥᠮᠥᠵᠢᠭᠦᠯᠬᠦ ᠵᠡᠷᠭᠡ ᠶᠢ ᠳᠡᠮᠵᠢᠬᠦ ᠲᠤᠬᠠᠢ ᠰᠠᠨᠠᠭᠤᠯᠭ᠎ᠠ ᠳᠤᠷᠠᠳᠪᠠ᠃ ᠢᠦᠢ ᠬᠠᠢ ᠢᠦᠢ ᠤᠯᠠᠨ ᠤ ᠶᠠᠷᠢᠶ᠎ᠠ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠰᠠᠨᠠᠯ ᠰᠠᠨᠠᠭᠤᠯᠭ᠎ᠠ ᠶᠢ ᠬᠦᠯᠢᠶᠡᠨ ᠠᠪᠬᠤ ᠬᠡᠷᠡᠭᠲᠡᠢ ᠭᠡᠵᠦ ᠱᠠᠭᠠᠷᠳᠠᠪᠠ ᠃
ᠢᠦᠢ ᠬᠠᠢ ᠢᠦᠢ᠂ ᠵᠠᠯᠠᠭᠤ ᠠᠵᠤ ᠠᠬᠤᠶᠢᠯᠠᠯᠲᠠᠨ ᠪᠣᠯ ᠣᠷᠳᠣᠰ ᠬᠤᠳᠠ ᠶᠢᠨ ᠬᠤᠪᠣᠷ ᠨᠠᠨᠳᠢᠨ ᠬᠥᠭᠵᠢᠯᠲᠡ ᠶᠢᠨ ᠡᠬᠢ ᠪᠠᠶᠠᠯᠢᠭ ᠮᠥᠨ᠂ ᠵᠠᠯᠠᠭᠤ ᠠᠵᠤ ᠠᠬᠤᠶᠢᠯᠠᠯᠲᠠᠨ ᠢ ᠴᠢᠬᠤᠯᠠᠴᠢᠯᠠᠵᠤ ᠪᠠᠶᠢᠭ᠎ᠠ ᠨᠢ ᠳᠠᠷᠤᠢ ᠣᠷᠳᠣᠰ ᠬᠤᠳᠠ ᠶᠢᠨ ᠢᠷᠡᠭᠡᠳᠦᠢ ᠶᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠪᠣᠯᠣᠨ ᠵᠠᠯᠠᠭᠤ ᠴᠢᠳᠠᠪᠤᠷᠢᠲᠠᠨ᠂ ᠵᠠᠯᠠᠭᠤ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠨᠳᠦ ᠨᠠᠶᠢᠲᠠᠯᠭ᠎ᠠ ᠲᠠᠯᠪᠢᠵᠤ ᠪᠠᠶᠢᠨ᠎ᠠ᠂ ᠵᠠᠯᠠᠭᠤ ᠠᠵᠤ ᠠᠬᠤᠶᠢᠯᠠᠯᠲᠠᠳ ᠤᠭ ᠰᠠᠨᠠᠭ᠎ᠠ ᠪᠠᠨ ᠥᠯᠥ ᠤᠮᠠᠷᠳᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠮᠠᠨ ᠤ ᠬᠤᠳᠠ ᠶᠢᠨ ᠬᠥᠭᠵᠢᠯᠲᠡ ᠶᠢᠨ ᠳᠠᠪᠠᠭᠤᠯᠢᠭ ᠢ ᠵᠥᠪ ᠲᠠᠨᠢᠵᠤ᠂ ᠠᠵᠠ ᠲᠣᠬᠢᠶᠠᠯ ᠢ ᠠᠮᠵᠢᠵᠤ᠂ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠲᠠᠭᠤ ᠵᠣᠷᠢᠭ ᠢ ᠪᠠᠷᠢᠮᠲᠠᠯᠠᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠠᠤᠭ᠎ᠠ ᠵᠣᠷᠢᠭ ᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠬᠠᠶᠢᠷ᠎ᠠ ᠰᠡᠳᠬᠢᠯᠭᠡ ᠪᠠᠨ ᠡᠷᠭᠦᠵᠦ᠂ ᠤᠬᠠᠮᠰᠠᠷ ᠠᠴᠠ ᠪᠠᠨ ᠬᠠᠤᠯᠢ ᠶᠣᠰᠣᠭᠠᠷ ᠭᠠᠶᠢᠯᠢ ᠲᠤᠰᠢᠶᠠᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠳᠤ ᠲᠠᠯᠠᠷᠬᠠᠬᠤ ᠳᠠᠭᠤᠷᠢᠶᠠᠯ ᠦᠵᠡᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃
ᠢᠦᠢ ᠬᠠᠢ ᠢᠦᠢ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠳᠤ ᠰᠠᠶᠢᠲᠤᠷ ᠦᠢᠯᠡᠴᠢᠯᠡᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠭᠦᠳᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠵᠠᠯᠠᠭᠤ ᠠᠵᠤ ᠠᠬᠤᠶᠢᠯᠠᠯᠲᠠᠨ ᠢ ᠬᠥᠮᠥᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠣᠨ ᠵᠠᠯᠠᠭᠤ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠳᠤ ᠠᠰᠢᠭᠲᠠᠢ ᠰᠠᠶᠢᠨ ᠰᠠᠶᠢᠬᠠᠨ ᠦᠢᠯᠡᠴᠢᠯᠡᠭᠡᠨ ᠤ ᠣᠷᠴᠢᠨ ᠲᠣᠭᠤᠷᠢᠨ᠂ ᠠᠮᠢᠳᠤᠷᠠᠯ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃
ᠬᠤᠲᠠ ᠶᠢᠨ ᠤᠳᠤᠷᠢᠳᠤᠯᠭ᠎ᠠ ᠯᠢᠦ ᠹᠧᠩ ᠶᠦᠨ᠂ ᠮᠢᠶᠣᠣ ᠴᠧᠩ ᠢᠦᠢ ᠣᠷᠤᠯᠴᠠᠪᠠ᠃