ᠵᠤᠬᠢᠶᠠᠭᠴᠢ:
ᠴᠠᠭ:2025-06-04
ᠥᠵᠡᠭᠰᠡᠨ : ℃
ᠢᠷᠡᠯᠲᠡ:
ᠯᠢ ᠯᠢ ᠣᠲᠤᠭ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
2025 5 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠣᠲᠤᠭ ᠬᠤᠰᠢᠭᠤᠨ ᠳᠤ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃
ᠤᠲᠤᠭ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ《ᠲᠠᠪᠤᠨ ᠵᠦᠢᠯ ᠤᠨ ᠮᠡᠷᠭᠡᠵᠢᠯ ᠢ ᠬᠠᠮᠵᠢᠯᠴᠠᠭᠤᠯᠬᠤ》ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠬᠢᠨᠠᠨ ᠬᠠᠮᠢᠶᠠᠷᠤᠯᠲᠠ ᠶᠢᠨ ᠲᠠᠪᠴᠠᠩ ᠳᠤ᠂ ᠯᠢ ᠯᠢ ᠲᠠᠪᠴᠠᠩ ᠤᠨ ᠪᠠᠶᠢᠭᠤᠯᠤᠯᠲᠠ ᠪᠠ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃
ᠦᠵᠦᠭᠦᠷ ᠪᠠᠯᠭᠠᠰᠤ ᠶᠢᠨ ᠡᠷᠬᠡᠲᠦ ᠭᠠᠴᠠᠭ᠎ᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠯᠢ ᠯᠢ ᠪᠠᠯᠭᠠᠰᠤ ᠭᠠᠴᠠᠭ᠎ᠠ ᠬᠤᠶᠠᠷ ᠱᠠᠲᠤᠨ ᠤ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠡᠷᠦᠩᠬᠡᠢ ᠱᠦᠵᠢ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠳᠤ ᠰᠤᠷᠲᠠᠯ ᠢᠶᠠᠨ ᠬᠤᠪᠢᠷᠠᠭᠤᠯᠬᠤ ᠠᠴᠠ ᠪᠣᠯᠤᠭᠰᠠᠨ ᠰᠢᠨ᠎ᠡ ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂《ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ》 ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠪᠣᠳᠠᠲᠠᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠠᠷᠠᠳ ᠲᠤ ᠠᠰᠢᠭ ᠬᠦᠷᠲᠡᠭᠡᠬᠦ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠬᠠᠶᠢᠷ᠎ᠠ ᠰᠡᠳᠬᠢᠯᠭᠡ ᠲᠠᠢ ᠪᠠᠷ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠨᠢᠭᠲᠠᠷᠠᠨ ᠪᠦᠯᠬᠦᠮᠳᠡᠬᠦ ᠬᠡᠷᠡᠭᠲᠡᠢ ᠭᠡᠪᠡ᠃
ᠤᠳᠤᠭ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠤ᠂ ᠯᠢ ᠯᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠬᠢᠭᠤᠯᠤᠭᠰᠠᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠠᠵᠤ ᠠᠬᠤᠶᠢᠯᠠᠯ ᠳᠦ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠪᠠᠶᠢᠴᠠᠭᠠᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠢ ᠬᠤᠷᠠᠯ ᠢ ᠳᠥᠭᠦᠮᠴᠢᠯᠡᠬᠦ ᠡᠷᠴᠢᠮ ᠢᠶᠠᠨ ᠴᠢᠩᠭᠠᠷᠠᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠳᠠᠯᠳᠠ ᠬᠦᠴᠦᠨ ᠢ ᠬᠦᠴᠦᠯᠡᠨ ᠠᠭᠤᠳᠠᠯᠵᠤ ᠦᠷ᠎ᠡ ᠠᠰᠢᠭ ᠢ ᠨᠡᠮᠡᠭᠳᠡᠭᠦᠯᠵᠦ᠂ ᠬᠡᠮᠵᠢᠶ᠎ᠡ ᠶᠢ ᠥᠷᠭᠡᠳᠬᠡᠨ ᠬᠤᠷᠳᠤᠴᠠ ᠶᠢ ᠲᠦᠷᠭᠡᠳᠬᠡᠵᠦ᠂ ᠠᠵᠤ ᠠᠬᠤᠢ ᠶᠢᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃
ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠡᠷᠳᠡᠨᠢᠪᠢᠯᠢᠭ ᠣᠷᠣᠯᠴᠠᠪᠠ᠃