ᠵᠤᠬᠢᠶᠠᠭᠴᠢ:
ᠴᠠᠭ:2025-06-13
ᠥᠵᠡᠭᠰᠡᠨ : ℃
ᠢᠷᠡᠯᠲᠡ:
ᠢᠦᠢ ᠬᠠᠢ ᠢᠦᠢ ᠪᠦᠯᠬᠦᠮ ᠳᠠᠭᠠᠭᠤᠯᠤᠨ ᠵᠧᠵᠢᠶᠠᠩ ᠮᠤᠵᠢ᠂ ᠱᠠᠩᠬᠠᠢ ᠬᠤᠳᠠ ᠳᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠪᠠ
2025 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠦᠯᠬᠦᠮ ᠳᠠᠭᠠᠭᠤᠯᠤᠨ ᠵᠧᠵᠢᠶᠠᠩ ᠮᠤᠵᠢ᠂ ᠱᠠᠩᠬᠠᠢ ᠬᠤᠲᠠ ᠳᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠵᠤ᠂ ᠠᠷᠢᠯᠵᠢᠶᠠᠴᠢᠨ ᠤᠷᠢᠵᠤ ᠪᠡᠯᠡ ᠣᠷᠣᠭᠤᠯᠪᠠ᠃
ᠵᠧᠵᠢᠶᠠᠩ ᠶᠡᠭᠡ ᠰᠤᠷᠭᠠᠭᠤᠯᠢ ᠳᠤ᠂ ᠢᠦᠢ ᠬᠠᠢ ᠢᠦᠢ ᠬᠤᠯᠪᠣᠭᠳᠠᠯ ᠪᠦᠬᠦᠢ ᠰᠤᠷᠭᠠᠭᠤᠯᠢ ᠶᠢᠨ ᠤᠳᠤᠷᠢᠳᠤᠯᠭ᠎ᠠ ᠪᠣᠯᠣᠨ ᠠᠺᠠᠳᠧᠮᠢᠴᠢ ᠲᠤᠰᠬᠠᠢ ᠮᠡᠷᠭᠡᠵᠢᠯᠲᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠨᠧᠷᠭᠢ᠂ ᠦᠢᠯᠡᠳᠬᠦ ᠦᠢᠯᠡᠰ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠪᠠᠷ ᠲᠠᠪᠴᠠᠩ ᠪᠠᠶᠢᠭᠤᠯᠬᠤ᠂ ᠠᠵᠤ ᠦᠢᠯᠡᠰ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ᠂ ᠬᠠᠮᠲᠤᠷᠠᠨ ᠰᠤᠷᠭᠠᠭᠤᠯᠢ ᠡᠷᠬᠢᠯᠡᠬᠦ᠂ ᠠᠵᠤ ᠠᠬᠤᠶᠢᠯᠠᠯᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠣᠷᠳᠣᠰ ᠬᠤᠳᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠠᠯ᠎ᠠ ᠪᠠᠷ ᠰᠢᠨ᠎ᠡ ᠵᠠᠮ ᠢ ᠡᠭᠦᠳᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
ᠠ ᠯᠢ ᠪᠠ ᠪᠠ ᠪᠦᠯᠦᠭᠯᠡᠯ᠂ ᠱᠠᠩᠬᠠᠢ ᠶᠢᠨ ᠹᠦ᠋ ᠰᠢᠩ ᠪᠦᠯᠦᠭᠯᠡᠯ ᠳᠤ᠂ ᠢᠦᠢ ᠬᠠᠢ ᠢᠦᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠷᠳᠣᠰ ᠬᠤᠳᠠ ᠶᠢᠨ ᠠᠵᠤ ᠦᠢᠯᠡᠰ ᠤᠨ ᠰᠠᠭᠤᠷᠢ ᠰᠠᠶᠢᠨ᠂ ᠬᠡᠷᠡᠭᠯᠡᠭᠡᠨ ᠤ ᠲᠠᠯᠠᠪᠠᠢ ᠤᠯᠠᠨ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠰᠢᠯᠢᠳᠡᠭ᠂ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠠᠵᠤ ᠠᠬᠤᠶᠢᠯᠠᠯ ᠯᠤᠭ᠎ᠠ ᠡᠨᠧᠷᠭᠢ᠂ ᠰᠣᠶᠣᠯ ᠵᠢᠭᠤᠯᠴᠢᠯᠠᠯ᠂ ᠠᠮᠢᠳᠤ ᠪᠣᠳᠠᠰ ᠤᠨ ᠡᠮ ᠡᠮᠨᠡᠯᠭᠡ᠂ ᠣᠶᠤᠨᠴᠢ ᠦᠢᠯᠡᠳᠬᠡᠯ᠂ ᠲᠦᠷᠭᠡᠨ ᠬᠦᠷᠭᠡᠯᠲᠡ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠵᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
ᠵᠧᠵᠢᠶᠠᠩ ᠮᠤᠵᠢ ᠶᠢᠨ ᠬᠤᠵᠸᠦ ᠬᠤᠳᠠ ᠶᠢᠨ《ᠰᠢᠶᠣᠣ ᠶᠢᠨ· ᠪᠠᠨ ᠿᠢ ᠲᠣᠰᠬᠤᠨ》《ᠠᠭᠤᠯᠠ ᠤᠰᠤᠨ ᠤ ᠭᠠᠶᠢᠬᠠᠮᠰᠢᠭᠲᠤ ᠣᠷᠣᠨ》ᠵᠡᠷᠭᠡ ᠲᠦᠷᠦᠯ ᠵᠦᠢᠯ ᠤᠨ ᠣᠷᠣᠨ ᠳᠤ᠂ ᠢᠦᠢ ᠬᠠᠢ ᠢᠦᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠶᠢᠨ ᠠᠷᠭ᠎ᠠ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠬᠤᠵᠸᠦ ᠬᠤᠳᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠲᠠᠢ ᠠᠭᠤᠯᠵᠠᠪᠠ᠃ ᠲᠡᠷᠡ᠂《ᠮᠢᠩᠭᠠᠨ ᠲᠤᠰᠬᠤᠨ ᠢᠶᠠᠷ ᠳᠠᠭᠤᠷᠢᠶᠠᠯ ᠦᠵᠡᠭᠦᠯᠵᠤ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ》 ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠤᠲᠠ ᠪᠠᠯᠭᠠᠰᠤ᠂ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠪᠠ ᠵᠢᠭᠤᠯᠴᠢᠯᠠᠯ ᠢ ᠠᠭᠤᠰᠤᠯᠴᠠᠭᠤᠯᠬᠤ᠂ ᠪᠣᠬᠢᠷᠲᠤᠯ ᠦᠭᠡᠢ ᠣᠷᠭᠠᠨᠢᠭ ᠢᠳᠡᠭᠡᠨ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠪᠣᠶᠢᠵᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃
ᠵᠧᠵᠢᠶᠠᠩ ᠮᠤᠵᠢ ᠶᠢᠨ ᠵᠢᠶᠠᠰᠢᠩ ᠬᠤᠳᠠ ᠶᠢᠨ ᠲᠦᠩᠰᠢᠶᠠᠩ ᠤᠨ ᠨᠤᠤᠯᠤᠭᠤᠷ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ᠂ ᠢᠦᠢ ᠬᠠᠢ ᠢᠦᠢ ᠪᠦᠲᠦᠭᠡᠭᠳᠡᠬᠦᠨ ᠤ ᠪᠠᠶᠢᠴᠠᠭᠠᠨ ᠬᠡᠮᠵᠢᠯᠲᠡ᠂ ᠠᠷᠠᠯᠵᠢᠶᠠᠨ ᠤ ᠬᠡᠪᠴᠢᠶ᠎ᠡ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠳᠠᠵᠤ᠂《ᠳᠡᠯᠡᠬᠡᠢ ᠶᠢᠨ ᠲᠡᠰ ᠤᠨ ᠨᠤᠤᠯᠤᠭᠤᠷ ᠤᠨ ᠠᠵᠤ ᠦᠢᠯᠡᠰ》 ᠢ ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ᠨᠤᠤᠯᠤᠭᠤᠷ ᠨᠡᠬᠡᠮᠡᠯ ᠪᠣᠯᠪᠠᠰᠤᠷᠠᠭᠤᠯᠬᠤ᠂ ᠲᠦᠷᠦᠯ ᠲᠡᠮᠳᠡᠭ ᠤᠨ ᠪᠠᠶᠢᠭᠤᠯᠤᠯᠲᠠ᠂ ᠳᠡᠯᠭᠡᠨ ᠪᠣᠷᠣᠯᠠᠭᠤᠯᠬᠤ ᠠᠷᠠᠯᠵᠢᠶ᠎ᠠ ᠶᠢᠨ ᠪᠦᠬᠦ ᠬᠡᠯᠬᠢᠶ᠎ᠡ ᠶᠢᠨ ᠬᠠᠮᠵᠢᠯᠴᠠᠨ ᠬᠦᠴᠦᠯᠡᠬᠦ ᠶᠢ ᠴᠢᠩᠭᠠᠳᠬᠠᠵᠤ᠂ ᠨᠤᠤᠯᠤᠭᠤᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠣᠯᠴᠠᠪᠠ᠃