ᠵᠤᠬᠢᠶᠠᠭᠴᠢ:
ᠴᠠᠭ:2025-06-20
ᠥᠵᠡᠭᠰᠡᠨ : ℃
ᠢᠷᠡᠯᠲᠡ:
ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠬᠠᠢ ᠢᠦᠢ ᠶᠢᠨ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠦ ᠹᠧᠩ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ《ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ》 ᠶᠢ ᠤᠯᠠᠮᠵᠢᠯᠠᠨ ᠰᠤᠷᠤᠯᠴᠠᠪᠠ᠃ ᠴᠢᠩᠭ᠎ᠠ ᠪᠠᠶᠢᠬᠤ ᠦᠨᠳᠦᠰᠦᠨ ᠬᠦᠭ ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ ᠶᠢ ᠢᠮᠠᠭᠲᠠ ᠪᠠᠷᠢᠮᠲᠠᠯᠠᠨ《ᠲᠦᠷᠪᠡᠨ ᠰᠤᠷᠲᠠᠯ》 ᠤᠨ ᠠᠰᠠᠭᠤᠳᠠᠯ ᠢ ᠵᠠᠯᠠᠷᠠᠭᠤᠯᠤᠨ ᠵᠠᠰᠠᠵᠤ᠂ ᠤᠯᠠᠨ ᠲᠦᠮᠡᠨ ᠤ ᠬᠢᠨᠠᠯᠲᠠ ᠶᠢ ᠴᠢᠩᠭᠠᠳᠬᠠᠵᠤ᠂ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ᠂ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ《ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠪᠦᠷᠢᠯᠳᠦᠭᠦᠨ ᠤ︿ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ﹀ ᠶᠢ ᠨᠠᠶᠢᠲᠠᠪᠤᠷᠢᠵᠢᠭᠤᠯᠵᠤ ᠬᠤᠪᠢᠳ᠋ᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠴᠢᠬᠤᠯᠠ ᠠᠰᠠᠭᠤᠳᠠᠯ ᠢ ᠵᠠᠷᠯᠠᠨ ᠮᠡᠳᠡᠭᠳᠡᠬᠦ ᠠᠵᠢᠯ ᠤᠨ ᠠᠷᠭ᠎ᠠ》 ᠶᠢ ᠤᠯᠠᠮᠵᠢᠯᠠᠨ ᠰᠤᠷᠤᠯᠴᠠᠪᠠ᠃ ᠤᠳᠤᠷᠢᠳᠬᠤ ᠪᠠᠭ ᠤᠨ ᠪᠦᠷᠢᠯᠳᠦᠭᠦᠨ ᠨᠠᠷ《ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ》 ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠦᠯᠬᠦᠮᠳᠡᠨ ᠬᠠᠮᠵᠢᠯᠴᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠬᠤᠪᠢᠳ᠋ᠠᠨ ᠬᠠᠷᠢᠭᠤᠴᠠᠬᠤ᠂ ᠨᠢᠭᠲᠠ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ 《ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ》 ᠢ ᠨᠠᠶᠢᠲᠠᠪᠤᠷᠢᠵᠢᠭᠤᠯᠬᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂《ᠳᠠᠷᠤᠭᠠᠰᠤ ᠶᠢ ᠬᠥᠩᠭᠡᠷᠡᠭᠦᠯᠬᠦ᠂ ᠴᠢᠳᠠᠪᠬᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠠᠬᠢᠭᠤᠯᠬᠤ》 ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠬᠢᠨ ᠨᠡᠩ ᠤᠯᠠᠨ ᠴᠠᠭ ᠪᠠ ᠤᠶᠤᠨ ᠴᠢᠳᠠᠯ ᠢ ᠪᠣᠳᠠᠲᠤ ᠶᠠᠪᠤᠳᠠᠯ ᠢ ᠠᠳᠬᠤᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠬᠡᠷᠡᠭᠯᠡᠭᠦᠯᠬᠦ ᠬᠡᠷᠡᠭᠲᠡᠢ᠃ ᠠᠷᠪᠢᠯᠠᠨ ᠭᠠᠮᠨᠠᠬᠤ ᠶᠢ ᠴᠢᠬᠤᠯᠠᠴᠢᠯᠠᠬᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠤᠷᠢᠭ᠎ᠠ ᠱᠤᠭᠤᠮ ᠢ ᠰᠠᠬᠢᠬᠤ ᠰᠡᠷᠡᠮᠵᠢ ᠲᠠᠢ ᠪᠠᠶᠢᠬᠤ ᠶᠢ ᠪᠠᠲᠤᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠳᠦᠷᠢᠮ ᠢ ᠪᠦᠷᠢᠨᠰᠢᠭᠦᠯᠵᠦ᠂《ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ》 ᠤᠨ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠣᠳᠠᠲᠤ ᠭᠠᠵᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠬᠤᠯᠪᠣᠭᠳᠠᠯ ᠪᠦᠬᠦᠢ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃