ᠵᠤᠬᠢᠶᠠᠭᠴᠢ: ᠴᠠᠭ:2021-08-27 ᠥᠵᠡᠭᠰᠡᠨ : ᠢᠷᠡᠯᠲᠡ:         
ᠪᠤᠭᠤᠲᠤ ᠬᠤᠲᠠ ᠶᠢᠨ ᠲᠥᠪᠯᠡᠷᠡᠭᠦᠯᠦᠨ ᠭᠡᠷ᠎ᠡ ᠲᠣᠭᠲᠠᠭᠰᠠᠨ ᠭᠤᠤᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1160 ᠳ᠋ᠦᠩᠰᠢᠭᠤᠷ ᠲᠥᠭᠦᠷᠢᠭ ᠲᠤ ᠬᠦᠷᠴᠡᠶ

2021  8 ᠳ᠋ᠤᠭᠠᠷ ᠰᠠᠷ᠎ᠠ ᠶᠢᠨ 25 ᠤ ᠡᠳᠦᠷ᠂ ᠪᠤᠭᠤᠲᠤ ᠬᠤᠲᠠ 2021 ᠣᠨ ᠤ ᠨᠠᠮᠤᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠡᠭᠡ ᠬᠤᠷᠠᠯ ᠢ ᠡᠷᠭᠢᠯᠡᠵᠦ᠂ ᠨᠡᠶᠢᠲᠡ 45 ᠲᠥᠷᠥᠯ ᠵᠦᠢᠯ ᠳᠤ ᠭᠡᠷ᠎ᠡ ᠲᠣᠭᠲᠠᠵᠤ᠂ ᠨᠡᠶᠢᠲᠡ 1160 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠲᠣ ᠦᠶ᠎ᠡ ᠶᠢᠨ ᠡᠨᠧᠷᠭᠢ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠠᠴᠢᠯᠠᠭᠰᠠᠨ ᠠᠵᠤ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ 14 ᠠᠵᠤ ᠦᠢᠯᠡᠰ ᠤᠨ ᠬᠦᠷᠢᠶᠡᠨ ᠳᠤ ᠬᠤᠯᠪᠣᠭᠳᠠᠪᠠ᠃

ᠲᠣᠰ ᠤᠳᠠᠭᠠᠨ ᠤ ᠶᠡᠭᠡ ᠬᠤᠷᠠᠯ ᠢ ᠡᠷᠭᠢᠯᠡᠭᠰᠡᠨ ᠨᠢ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠦᠢᠯᠡᠳᠪᠦᠷᠢᠯᠡᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠭᠰᠡᠨ ᠴᠢᠬᠤᠯᠠ ᠠᠵᠢᠯᠯᠠᠭ᠎ᠠ ᠮᠥᠨ᠂ ᠬᠢᠵᠢᠭ ᠤᠨ ᠨᠥᠯᠥᠭᠡ ᠶᠢ ᠢᠯᠠᠨ ᠳᠠᠪᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠶᠠᠪᠤᠭᠳᠠᠭᠤᠯᠵᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠢ ᠪᠥᠲᠥᠭᠡᠨ ᠪᠠᠶᠢᠭᠤᠯᠬᠤ ᠡᠷᠡᠰ ᠵᠣᠷᠢᠭ ᠢ ᠬᠠᠷᠠᠭᠤᠯᠵᠠᠶ᠃ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠭᠤᠤᠯᠳᠠᠭᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠦᠷᠢᠶᠡᠨ ᠳᠤ ᠲᠥᠪᠯᠡᠷᠡᠵᠦ ᠪᠠᠶᠢᠨ᠎ᠠ᠃ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠠᠴᠠ 6᠂ ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ ᠠᠴᠠ 4᠂ ᠳᠤᠮᠳᠠᠳᠤ ᠤᠯᠤᠰ ᠤᠨ ᠠᠷᠠᠳ ᠤᠨ ᠡᠵᠡᠩᠨᠡᠭᠰᠡᠨ 500 ᠬᠦᠴᠦᠷᠬᠡᠭ ᠠᠵᠤ ᠠᠬᠤᠶᠢᠯᠠᠯ ᠠᠴᠠ 2 ᠠᠵᠤ ᠠᠬᠤᠶᠢᠯᠠᠯ ᠲᠤᠰ ᠤᠳᠠᠭᠠᠨ ᠤ ᠠᠵᠢᠯᠯᠠᠭ᠎ᠠ ᠳᠤ ᠬᠤᠯᠪᠣᠭᠳᠠᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃

ᠪᠤᠭᠤᠲᠤ ᠬᠤᠳᠠ ᠶᠢᠨ ᠳᠡᠳ᠋ ᠳᠠᠷᠤᠭ᠎ᠠ ᠸᠠᠩ ᠰᠢᠤ ᠯᠢᠶᠠᠨ ᠤ ᠲᠠᠨᠢᠯᠴᠠᠭᠤᠯᠤᠭᠰᠠᠨ ᠢᠶᠠᠷ᠂ ᠡᠨᠡ ᠤᠳᠠᠭ᠎ᠠ ᠵᠧᠵᠢᠶᠠᠩ ᠤᠨ ᠶᠦᠩ ᠡᡁᠧ ᠬᠥᠷᠥᠭᠡᠬᠦ ᠬᠤᠪᠢ ᠣᠷᠣᠭᠤᠯᠤᠭᠰᠠᠨ ᠺᠣᠮᠫᠠᠨᠢ 180 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠮᠢᠩᠭᠠᠨ ᠳ᠋ᠦᠩᠰᠢᠭᠤᠷ ᠤᠨ ᠲᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ  ᠢ ᠪᠠᠶᠢᠭᠤᠯᠪᠠ᠂ ᠡᠨᠡ ᠪᠣᠯ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠰᠠᠯᠬᠢᠨ ᠬᠦᠴᠦ ᠪᠣᠯᠤᠨ ᠨᠡᠷᠡᠨ ᠤ ᠡᠨᠧᠷᠭᠢ ᠶᠢᠨ ᠪᠣᠬᠢᠷᠲᠤᠯ ᠦᠬᠡᠢ ᠡᠨᠧᠷᠭᠢ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠬᠡᠢ ᠬᠦᠷᠢᠶᠡᠯᠡᠩ ᠲᠣᠭᠤᠷᠢᠭ ᠢ ᠪᠦᠳᠦᠬᠡᠨ ᠪᠠᠶᠢᠭᠤᠯᠤᠭᠰᠠᠨ ᠲᠤᠷᠰᠢᠯᠲᠠ ᠪᠣᠯᠤᠨ᠎ᠠ᠃ ᠠᠵᠤ ᠠᠬᠤᠶᠢᠯᠠᠯ ᠨᠢ 《ᠪᠣᠬᠢᠷᠲᠤᠯ ᠦᠭᠡᠢ ᠴᠠᠬᠢᠯᠭᠠᠨ》 ᠢᠶᠠᠷ ᠡᠬᠢ ᠪᠠᠶᠠᠯᠢᠭ ᠢ ᠤᠯᠠᠷᠢᠭᠤᠯᠤᠨ ᠠᠰᠢᠭᠯᠠᠵᠤ᠂ ᠢᠷᠡᠬᠦ ᠵᠢᠯ ᠠᠴᠠ ᠡᠬᠢᠯᠡᠨ ᠴᠠᠬᠢᠯᠭᠠᠨ ᠬᠠᠩᠭᠠᠬᠤ ᠦᠨ᠎ᠡ ᠶᠢ 0.25 ᠲᠥᠭᠦᠷᠢᠭ ᠪᠣᠯᠭᠠᠵᠤ᠂ 6 ᠵᠢᠯ ᠳᠠᠷᠠᠭᠠᠯᠠᠨ ᠪᠠᠭᠤᠷᠠᠭᠤᠯᠤᠭᠰᠠᠨ ᠤ ᠰᠡᠭᠦᠯᠡᠷ 0.20 ᠲᠥᠭᠦᠷᠢᠭ ᠲᠤ ᠬᠦᠷᠦᠭᠦᠯᠬᠦ ᠪᠣᠯᠤᠨ᠎ᠠ᠂ ᠡᠨᠡ ᠪᠣᠯ ᠨᠢᠭᠡᠨ ᠲᠡᠤᠬᠡᠲᠦ ᠴᠢᠨᠠᠷᠲᠠᠶ ᠰᠢᠪᠲᠤᠯᠤᠯᠲᠠ ᠶᠤᠮ᠃ ᠡᠨᠡ ᠤᠳᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡ ᠪᠦᠯᠦᠭ ᠵᠦᠢᠯᠡᠰ ᠲᠤ ᠭᠠᠷ ᠤᠨ ᠦᠰᠦᠭ ᠵᠢᠷᠤᠭᠰᠠᠨ ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃    ᠤᠰᠤᠲᠥ᠋ᠷᠥᠭᠴᠢ ᠶᠢ ᠦᠢᠯᠡᠳᠦᠨ ᠬᠡᠷᠡᠭᠯᠡᠵᠦ ᠬᠠᠳᠠᠭᠠᠯᠠᠬᠤ ᠲᠠᠯ᠎ᠠ ᠪᠠᠷ᠂ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠠᠴᠠ  ᠤᠰᠤᠲᠥ᠋ᠷᠥᠭᠴᠢ ᠶᠢ ᠵᠠᠮ ᠬᠠᠷᠢᠯᠴᠠᠭ᠎ᠠ ᠳᠤ ᠬᠡᠷᠡᠭᠯᠡᠬᠦ ᠬᠦᠷᠲᠡᠯ᠎ᠡ᠂ ᠤᠰᠤᠲᠥ᠋ᠷᠥᠭᠴᠢ ᠶᠢᠨ ᠡᠨᠧᠷᠭᠢ ᠶᠢᠨ ᠳ᠋ᠢᠶᠠᠨ ᡂᠢ ᠶᠢ ᠪᠠᠭᠲᠠᠭᠠᠭᠰᠠᠨ ᠨᠢᠭᠡ ᠪᠦᠯᠦᠭ ᠲᠦᠷᠦᠯ ᠵᠦᠢᠯ ᠢ ᠣᠷᠣᠭᠤᠯᠵᠤ᠂ ᠤᠰᠤᠲᠥ᠋ᠷᠥᠭᠴᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ ᠪᠣᠯᠤᠨ᠎ᠠ᠃

ᠡᠨᠡ ᠵᠢᠯ ᠠᠴᠠ  ᠂ ᠪᠤᠭᠤᠲᠤ ᠬᠤᠲᠠ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠪᠤᠢ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠶᠢ ᠦᠷᠭᠦᠯᠵᠢᠯᠡᠨ ᠲᠣᠭᠲᠠᠭᠤᠨ ᠢᠶᠠᠷ ᠰᠡᠷᠭᠦᠭᠡᠭᠰᠡᠨ ᠠᠴᠠ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠰᠠᠶᠢᠨ ᠰᠠᠶᠢᠬᠠᠨ ᠪᠠᠶᠢᠳᠠᠯ ᠢᠯᠡᠷᠡᠵᠡᠶ᠃ ᠲᠦᠷᠦᠭᠦᠤ ᠬᠠᠭᠠᠰ ᠵᠢᠯ ᠳᠤ᠂ ᠪᠤᠭᠤᠲᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 1627 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ 1 ᠠᠴᠠ 7 ᠳ᠋ᠤᠭᠠᠷ ᠰᠠᠷ᠎ᠠ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠪᠡ ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 379.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.7% ᠪᠠᠷ ᠨᠡᠮᠡᠭᠳᠡᠪᠡ᠃ 3 ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠡᠷᠢᠭᠦᠨ ᠳᠤ ᠣᠷᠣᠪᠠ᠃    

ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠴᠦ ᠪᠤᠭᠤᠲᠤ ᠬᠤᠲᠠ ᠪᠠᠰᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠬᠢᠭᠡᠳ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠣᠬᠢᠶᠠᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢᠨ ᠣᠯᠳᠠᠰᠢ ᠦᠭᠡᠶ ᠲᠣᠬᠢᠶᠠᠯ ᠢ ᠪᠠᠲᠤ ᠡᠵᠡᠮᠳᠡᠬᠦ ᠶᠢᠨ ᠲᠤᠰᠠᠳᠠ᠂ ᠪᠤᠭᠤᠲᠤ ᠬᠤᠳᠠ ᠶᠠᠭ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠰᠤᠷᠭᠠᠭᠤᠯᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠪᠠᠶᠢᠭᠤᠯᠭ᠎ᠠ ᠵᠡᠷᠭᠡ ᠤᠯᠠᠨ ᠬᠦᠷᠢᠶᠡᠨ ᠤ ᠬᠡᠷᠡᠭᠯᠡᠭᠡᠨ ᠤ ᠦᠵᠡᠭᠳᠡᠯ ᠢ ᠬᠦᠴᠦᠯᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠦᠭᠡᠶᠢᠰᠬᠡᠬᠦ ᠰᠠᠯᠭᠠᠬᠤ ᠲᠠᠢ ᠬᠤᠯᠪᠣᠭᠳᠠᠭᠰᠠᠨ ᠪᠦᠬᠦᠶᠢᠯᠡ ᠰᠢᠨ᠎ᠡ ᠬᠡᠷᠡᠭ ᠪᠣᠳᠠᠰ ᠢ ᠢᠳᠡᠪᠬᠢᠲᠡᠢ ᠲᠤᠷᠰᠢᠵᠤ᠂ 2026 ᠣᠨ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ ᠶᠢ ᠬᠦᠴᠦᠯᠡᠨ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠬᠤᠰᠢᠭᠤᠴᠢ ᠬᠤᠳᠠ᠂ ᠵᠢᠱᠢᠶᠡᠴᠢ ᠬᠤᠳᠠ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃

ᠨᠢᠳᠤᠨᠤᠨ ᠠᠴᠠ ᠡᠬᠢᠯᠡᠨ᠂ ᠪᠤᠭᠤᠲᠤ ᠬᠤᠲᠠ 《ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ》 ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠥᠪᠡᠷ ᠢᠶᠠᠨ ᠪᠦᠯᠬᠦᠮ ᠳᠠᠭᠠᠭᠤᠯᠤᠨ᠂ ᠪᠥᠬᠦ ᠠᠵᠢᠯᠲᠠᠨ ᠣᠷᠣᠯᠴᠠᠵᠤ᠂ ᠪᠥᠬᠦ ᠬᠤᠲᠠ ᠪᠠᠷ ᠢᠶᠠᠨ ᠬᠤᠳᠠᠯᠳᠤᠭᠠᠴᠢᠨ ᠤᠷᠢᠬᠤ ᠶᠢ ᠬᠠᠮᠲᠤ ᠪᠠᠷ ᠠᠳᠬᠤᠨ᠂ 20 ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ 20 ᠠᠵᠢᠯᠯᠠᠬᠤ ᠳᠤᠭᠤᠶᠢᠯᠠᠩ ᠬᠤᠪᠢᠶᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ ᠪᠠ ᠬᠡᠯᠬᠢᠶ᠎ᠡ ᠶᠢ ᠴᠢᠩᠭᠠᠯᠠᠭᠰᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃

2020 ᠣᠨ ᠳᠤ᠂ ᠪᠦᠬᠦ ᠬᠤᠳᠠ ᠶᠢᠨ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠳᠤ ᠪᠠᠨ ᠪᠤᠭᠤᠲᠤ ᠳᠤ ᠠᠭᠤᠯᠵᠠᠯᠲᠠ ᠬᠢᠭᠰᠡᠨ ᠠᠵᠤ ᠠᠬᠤᠶᠢᠯᠠᠯ 2000 ᠭᠠᠷᠤᠢ ᠪᠠᠶᠢᠵᠤ᠂ 340 ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠬᠡᠯᠡᠯᠴᠡᠭᠡᠷ ᠬᠢᠵᠦ ᠶᠡᠷᠦᠩᠬᠡᠢ ᠪᠡᠯᠡ ᠣᠷᠣᠭᠤᠯᠤᠭᠰᠠᠨ ᠨᠢ 2672 ᠳ᠋ᠦᠩᠰᠢᠭᠤᠷ ᠲᠥᠭᠦᠷᠢᠭ ᠲᠤ ᠬᠦᠷᠴᠡᠢ᠃ ᠢᠯᠠᠩᠭᠤᠶ᠎ᠠ 10 ᠳ᠋ᠤᠭᠠᠷ ᠰᠠᠷ᠎ᠠ ᠠᠴᠠ  ᠂ ᠪᠥᠬᠦ ᠬᠤᠲᠠ ᠳᠤ ᠰᠢᠨ᠎ᠡ ᠡᠭᠡᠯᠵᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠥᠷᠨᠢᠯᠲᠡ ᠭᠠᠷᠴᠤ᠂ ᠪᠥᠬᠦ ᠬᠤᠲᠠ ᠪᠠᠷ ᠢᠶᠠᠨ ᠳᠤᠮᠳᠠᠴᠢ ᠪᠠᠷ ᠡᠳᠦᠷ ᠪᠦᠷᠢ 10 ᠰᠢᠬᠠᠮ ᠠᠵᠤ ᠠᠬᠤᠶᠢᠯᠠᠯ ᠲᠠᠢ ᠨᠢᠭᠤᠷᠳᠠᠨ ᠵᠣᠯᠭᠠᠵᠤ᠂ ᠡᠳᠦᠷ ᠪᠦᠷᠢ 2 ᠲᠥᠷᠥᠯ ᠵᠦᠢᠯ ᠤᠨ ᠭᠡᠷ᠎ᠡ ᠲᠣᠭᠲᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠪᠡ᠃

ᠡᠨᠡ ᠵᠢᠯ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭᠲᠠᠬᠤ ᠲᠥᠷᠥᠯ ᠵᠦᠢᠯ ᠤᠨ ᠬᠠᠷᠠᠯᠲᠠ ᠨᠢ 1000 ᠠᠴᠠ ᠳᠡᠭᠡᠭᠰᠢ ᠪᠣᠯᠤᠨ᠎ᠠ᠃ 8 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠪᠥᠬᠦ ᠬᠤᠲᠠ ᠳᠤ ᠨᠡᠶᠢᠲᠡ 4027 ᠠᠵᠤ ᠠᠬᠤᠶᠢᠯᠠᠯ ᠲᠠᠢ ᠨᠢᠭᠤᠷᠳᠠᠨ ᠵᠣᠯᠭᠠᠵᠤ᠂ 523 ᠲᠥᠷᠥᠯ ᠵᠦᠢᠯ ᠳᠤ ᠭᠡᠷ᠎ᠡ ᠲᠣᠭᠲᠠᠵᠤ᠂ ᠨᠡᠶᠢᠲᠡ 7789 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 279 ᠲᠥᠷᠥᠯ ᠵᠦᠢᠯ ᠢ ᠨᠢᠭᠡᠨᠲᠡ ᠳᠠᠩᠰᠠᠯᠠᠭᠤᠯᠤᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠭᠰᠠᠨ ᠨᠣᠷᠮ᠎ᠠ ᠨᠢ 53% ᠳᠤ ᠬᠦᠷᠪᠡ᠃

 



   :                    
   :           
备案序号:蒙ICP备05003250号 公安备案15010502000173