ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ:
ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
2025 3 ᠳ᠋ᠤᠭᠠᠷ ᠰᠠᠷ᠎ᠠ ᠶᠢᠨ 13 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠧᠩ ᠭᠤᠸᠠᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠶᠦᠩ ᠰᠢᠶᠠᠩ 《ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠶ ᠲᠣᠭᠲᠠᠭᠠᠯ》 ᠢ ᠤᠩᠰᠢᠨ ᠨᠡᠶᠢᠲᠡᠯᠡᠪᠡ᠃
ᠯᠢ ᠴᠧᠩ ᠭᠤᠸᠠᠩ᠂ ᠡᠨᠡ ᠵᠢᠯ ᠠᠴᠠ ᠨᠠᠭᠠᠰᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠭᠤᠷᠪᠠᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠠᠴᠠ ᠲᠣᠭᠤᠷᠢᠨ ᠪᠠᠶᠢᠴᠠᠭᠠᠬᠤ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠡᠯ᠎ᠡ ᠵᠦᠢᠯ ᠤᠨ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠰᠠᠭᠤᠳᠠᠯ ᠢ ᠣᠯᠵᠤ ᠮᠡᠳᠡᠬᠦ ᠲᠠᠯ᠎ᠠ ᠪᠠᠷ᠂ ᠰᠦᠷᠳᠡᠭᠦᠯᠬᠦ ᠲᠠᠯ᠎ᠠ ᠪᠠᠷ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠤᠷᠴᠠ ᠰᠡᠯᠡᠮ᠎ᠡ ᠶᠢᠨ ᠦᠢᠯᠡᠳᠦᠯ ᠢᠶᠠᠨ ᠭᠦᠢᠴᠡᠳ ᠢᠯᠡᠷᠡᠭᠦᠯᠬᠦ ᠬᠡᠷᠡᠭᠲᠡᠶ᠃ ᠴᠠᠭᠳᠠᠨ ᠪᠠᠶᠢᠴᠠᠭᠠᠬᠤ ᠠᠵᠢᠯ ᠤᠨ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠬᠢᠨᠠᠯᠲᠠ ᠲᠠᠯᠪᠢᠬᠤ ᠭᠤᠤᠯᠳᠠᠯᠭ᠎ᠠ ᠶᠢ ᠳᠣᠪᠤᠶᠢᠯᠭᠠᠨ᠂ ᠵᠣᠷᠢᠭᠲᠠᠶ ᠪᠠᠷ ᠬᠡᠪ ᠤᠨ ᠵᠤᠷᠰᠢᠯ ᠢ ᠡᠪᠳᠡᠵᠦ᠂ ᠰᠢᠨ᠎ᠡ ᠴᠠᠭᠳᠠᠨ ᠪᠠᠶᠢᠴᠠᠭᠠᠬᠤ ᠠᠷᠭ᠎ᠠ ᠮᠠᠶ᠋ᠢᠭ ᠢ ᠰᠦᠪᠡᠭᠴᠢᠯᠡᠨ ᠦᠢᠯᠡᠳᠦᠯᠭᠡᠵᠢᠭᠦᠯᠵᠦ᠂ ᠬᠢᠨᠠᠯᠲᠠ ᠲᠠᠯᠪᠢᠬᠤ ᠬᠠᠨᠳᠤᠯᠭᠠᠲᠤ ᠴᠢᠨᠠᠷ ᠪᠠ ᠨᠡᠪᠲᠡᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠶ᠃ ᠴᠠᠭᠳᠠᠨ ᠪᠠᠶᠢᠴᠠᠭᠠᠬᠤ ᠶᠢ ᠵᠢᠷᠤᠮᠵᠢᠭᠤᠯᠬᠤ ᠳᠦᠷᠢᠮᠵᠢᠭᠦᠯᠬᠦ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤ ᠣᠯᠵᠤ ᠮᠡᠳᠡᠭᠰᠡᠨ ᠠᠰᠠᠭᠤᠳᠠᠯ ᠤᠨ ᠦᠨᠡᠨ ᠪᠣᠳᠠᠲᠠᠶ᠂ ᠵᠥᠪ ᠣᠨᠣᠪᠴᠢᠲᠠᠶ᠂ ᠪᠤᠰᠤᠳᠴᠢ ᠪᠠᠶᠢᠬᠤ ᠶᠢ ᠦᠨᠡᠨ ᠬᠦ ᠪᠠᠲᠤᠯᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠬᠤᠯᠠᠴᠢᠯᠠᠵᠤ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠬᠠᠷᠢᠭᠤᠯᠲᠠ ᠥᠭᠴᠦ᠂ ᠴᠢᠨᠠᠷ ᠰᠠᠶᠢᠲᠠᠶ ᠴᠠᠭᠳᠠᠨ ᠪᠠᠶᠢᠴᠠᠭᠠᠬᠤ ᠪᠠᠷ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠳᠤ ᠨᠡᠶᠢᠲᠡ 5 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠨ 9 ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠵᠦ᠂ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠤ ᠲᠤᠰᠬᠠᠶ ᠴᠠᠭᠳᠠᠨ ᠪᠠᠶᠢᠴᠠᠭᠠᠯᠲᠠ ᠥᠷᠨᠢᠭᠦᠯᠵᠦ᠂ ᠲᠦᠮᠡᠳ ᠪᠠᠷᠠᠭᠤᠨ ᠬᠤᠰᠢᠭᠤᠨ ᠤ ᠬᠤᠯᠪᠣᠭᠳᠠᠯ ᠪᠥᠬᠦᠶ ᠪᠠᠯᠭᠠᠰᠤ ᠲᠣᠰᠬᠤᠨ ᠳᠤ ᠲᠠᠰ ᠳᠡᠪᠰᠢᠭᠦᠯᠬᠦ᠂ ᠬᠤᠯᠪᠣᠭᠠᠯᠠᠨ ᠴᠠᠭᠳᠠᠨ ᠪᠠᠶᠢᠴᠠᠭᠠᠯᠲᠠ ᠥᠷᠨᠢᠭᠦᠯᠪᠡ᠃