ᠵᠤᠬᠢᠶᠠᠭᠴᠢ:
ᠴᠠᠭ:2025-04-04
ᠥᠵᠡᠭᠰᠡᠨ : ℃
ᠢᠷᠡᠯᠲᠡ:
ᠮᠢᠩᠭᠠᠨ ᠳ᠋ᠦᠩᠰᠢᠭᠤᠷ ᠤᠨ ᠲᠡᠰ ᠤᠨ ᠬᠦᠩᠭᠡᠨᠴᠠᠭᠠᠨ ᠤ ᠠᠵᠤ ᠦᠢᠯᠡᠰ ᠤᠨ ᠰᠦᠷᠦᠭᠵᠢᠯ ᠢ ᠬᠦᠴᠦᠯᠡᠨ ᠴᠣᠭᠴᠠᠯᠠᠪᠠ
ᠪᠤᠭᠤᠲᠤ ᠬᠤᠲᠠ 《3 + 5 + N》 ᠣᠳᠣᠬᠢᠴᠢᠯᠠᠭᠰᠠᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠮᠠᠨ ᠤ ᠬᠤᠲᠠ ᠶᠢᠨ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠦᠭᠵᠢᠭᠦᠯᠬᠦ ᠶᠢᠨ ᠲᠦᠯᠦᠭᠡ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︵ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠲᠣᠪᠴᠢᠶ᠎ᠠ︶ ᠬᠦᠩᠭᠡᠨᠴᠠᠭᠠᠨ ᠤ ᠠᠵᠤ ᠦᠢᠯᠡᠰ ᠤᠨ ᠲᠤᠰᠬᠠᠶ ᠠᠰᠢᠭ ᠤᠨ ᠠᠵᠤ ᠦᠶᠢᠯᠡᠰᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠪᠠ ᠠᠵᠤ ᠦᠢᠯᠡᠰ ᠤᠨ ᠬᠥᠭᠵᠢᠯᠲᠡ ᠶᠢᠨ ᠬᠤᠤᠰ ᠴᠢᠭᠯᠡᠯ ᠢᠶᠠᠷ ᠬᠦᠴᠦᠨ ᠨᠡᠮᠡᠷᠢᠯᠡᠬᠦ ᠶᠢ ᠠᠬᠢᠭᠤᠯᠤᠨ᠂ ᠪᠤᠭᠤᠲᠤ ᠶᠢᠨ ᠬᠦᠩᠭᠡᠨᠴᠠᠭᠠᠨ ᠤ ᠠᠵᠤ ᠦᠢᠯᠡᠰ ᠤᠨ 《ᠰᠢᠨ᠎ᠡ》 ᠪᠠᠷ 《ᠴᠢᠨᠠᠷ》 ᠢ ᠬᠥᠭᠡᠭᠡᠴᠡᠯᠳᠦᠵᠦ᠂ 《ᠰᠢᠨ᠎ᠡ》 ᠪᠠᠷ 《ᠢᠯᠠᠯᠲᠠ》 ᠶᠢ ᠬᠦᠭᠡᠭᠡᠴᠡᠯᠳᠦᠬᠦ ᠶᠢ ᠠᠬᠢᠭᠤᠯᠪᠠ᠃
ᠳᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠦᠢᠯᠡᠰ ᠢᠶᠠᠷ 《ᠮᠡᠷᠭᠡᠵᠢᠯ ᠤᠨ ᠰᠢᠨᠡᠴᠢᠯᠡᠯᠲᠡ》 ᠶᠢ ᠳᠠᠶᠢᠴᠢᠯᠠᠪᠠ᠃ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ 《ᠣᠨᠴᠠ ᠲᠣᠮᠢᠯᠠᠭᠳᠠᠭᠴᠢ》 ᠶᠢᠨ ᠦᠢᠯᠡᠳᠦᠯ ᠢ ᠪᠠᠳᠠᠷᠠᠭᠤᠯᠵᠤ᠂ ᠬᠦᠩᠭᠡᠨᠴᠠᠭᠠᠨ ᠤ ᠠᠵᠤ ᠦᠢᠯᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ᠂ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠬᠦ ᠬᠢᠵᠠᠭᠠᠷᠲᠤ ᠺᠣᠮᠫᠠᠨᠢ᠂ ᠰᠾᠢ ᠲᠦᠩ ︵ᠪᠤᠭᠤᠲᠤ︶ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠪᠣᠯᠬᠤ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠤᠰᠬᠠᠶ ᠠᠰᠢᠭ ᠤᠨ ᠠᠵᠤ ᠦᠢᠯᠡᠰᠵᠢᠭᠰᠡᠨ ᠪᠠᠶᠢᠳᠠᠯ᠂ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠭᠰᠠᠨ ᠪᠠᠶᠢᠳᠠᠯ ᠵᠡᠷᠭᠡ ᠶᠢᠨ ᠲᠣᠭᠤᠷᠢᠨ ᠳᠤ ᠬᠤᠷᠠᠯ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠲᠤᠰᠬᠠᠶ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠦᠢᠯᠡᠴᠢᠯᠡᠭᠡᠨ ᠤ ᠵᠢᠯᠣᠭᠤᠳᠣᠯᠭ᠎ᠠ ᠬᠠᠩᠭᠠᠪᠠ᠃
ᠬᠤᠶᠠᠷ ᠲᠤ᠂ ᠦᠢᠯᠡᠳᠪᠦᠷᠢᠯᠡᠯ ᠰᠤᠳᠤᠯᠭᠠᠨ ᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ 《ᠬᠠᠮᠵᠢᠯᠴᠠᠨ ᠰᠢᠨ᠎ᠡ ᠶᠢ ᠡᠭᠦᠳᠬᠦ》 ᠶᠢ ᠭᠦᠨᠵᠡᠭᠡᠶᠢᠷᠡᠭᠦᠯᠪᠡ᠃ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢᠶᠠᠷ ᠰᠠᠭᠤᠷᠢ ᠪᠣᠯᠭᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠬᠤᠯᠪᠣᠭᠠᠲᠤ ᠴᠣᠭᠴᠠ ᠶᠢ ᠠᠬᠢᠭᠤᠯᠵᠤ᠂《ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ — ᠲᠤᠰᠬᠠᠢ ᠠᠰᠢᠭ ᠢ ᠣᠨᠳᠣᠣᠰᠢᠭᠤᠯᠬᠤ — ᠠᠵᠤ ᠦᠢᠯᠡᠰᠵᠢᠭᠦᠯᠬᠦ》 ᠳᠤᠮᠳᠠ ᠱᠠᠲᠤ ᠪᠠᠷ ᠢᠶᠠᠨ ᠰᠢᠨ᠎ᠡ ᠶᠢ ᠡᠭᠦᠳᠬᠦ ᠬᠡᠯᠬᠢᠶ᠎ᠡ ᠶᠢ ᠨᠡᠪᠲᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠭᠡᠬᠦ ᠶᠢ ᠬᠦᠲᠦᠯᠦᠨ ᠳᠠᠭᠠᠭᠤᠯᠵᠤ᠂ ᠬᠤᠪᠣᠷ ᠰᠢᠷᠣᠶ ᠬᠦᠩᠭᠡᠨᠴᠠᠭᠠᠨ ᠵᠡᠷᠭᠡ ᠬᠤᠪᠣᠷ ᠰᠢᠷᠣᠶ ᠶᠢᠨ ᠬᠠᠶᠢᠯᠤᠰᠢ ᠶᠢᠨ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠪᠠ᠃
ᠭᠤᠷᠪᠠ ᠳᠤ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠵᠦ 《ᠬᠥᠳᠡᠯᠭᠡᠬᠦ ᠬᠦᠴᠦᠨ ᠢ ᠲᠥᠪᠯᠡᠷᠡᠭᠦᠯᠬᠦ》 ᠶᠢ ᠴᠢᠩᠭᠠᠳᠬᠠᠪᠠ᠃ ᠪᠤᠭᠤᠲᠤ ᠶᠢᠨ ᠬᠦᠩᠭᠡᠨᠴᠠᠭᠠᠨ ᠤ ᠠᠵᠤ ᠦᠢᠯᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠬᠦ ᠦᠢᠯᠡᠳᠦᠯ ᠳᠤ ᠲᠦᠰᠢᠭᠯᠡᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠠᠮᠵᠢᠯᠴᠠᠨ ᠬᠠᠮᠲᠤᠷᠠᠯᠴᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠲᠠᠭᠠᠭᠤᠯᠤᠭᠴᠢ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠭᠤᠣᠯᠯᠠᠭᠴᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠦᠬᠦ ᠲᠠᠯ᠎ᠠ ᠶᠢᠨ ᠠᠵᠤ ᠦᠢᠯᠡᠰ ᠤᠨ ᠬᠠᠮᠵᠢᠯᠴᠠᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠲᠤᠰᠬᠠᠢ ᠠᠰᠢᠭ ᠤᠨ ᠮᠡᠷᠭᠡᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠬᠦᠩᠭᠡᠨᠴᠠᠭᠠᠨ ᠤ ᠠᠵᠤ ᠦᠢᠯᠡᠰ ᠤᠨ ᠨᠡᠩ ᠥᠨᠳᠥᠷ ᠡᠨᠧᠷᠭᠢ ᠶᠢᠨ ᠲᠡᠰ ᠲᠡᠶᠢᠰᠢ ᠳᠠᠪᠰᠢᠬᠤ ᠶᠢ ᠲᠦᠷᠭᠡᠳᠬᠡᠨ ᠠᠬᠢᠭᠤᠯᠪᠠ᠃
ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠲᠣᠪᠴᠢᠶ᠎ᠠ︶ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠪᠠᠷ ᠬᠦᠩᠭᠡᠨᠴᠠᠭᠠᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠬᠦᠩᠭᠡᠨᠴᠠᠭᠠᠨ ᠤ ᠠᠵᠤ ᠦᠢᠯᠡᠰ ᠤᠨ ᠳᠡᠭᠡᠳᠦ ᠬᠤᠷᠳᠤᠴᠠ ᠪᠠᠷ ᠨᠡᠮᠡᠭᠳᠡᠬᠦ ᠠᠴᠠ ᠪᠡᠨ ᠴᠢᠨᠠᠷ ᠰᠠᠶᠢᠲᠠᠢ ᠬᠦᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠮᠢᠩᠭᠠᠨ ᠳ᠋ᠦᠩᠰᠢᠭᠤᠷ ᠲᠠᠰ ᠤᠨ ᠬᠦᠩᠭᠡᠨᠴᠠᠭᠠᠨ ᠤ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠳᠤ ᠮᠡᠳᠡᠯᠭᠡ ᠶᠢᠨ ᠪᠦᠲᠦᠭᠡᠭᠳᠡᠬᠦᠨ ᠤ ᠬᠦ ᠡᠷᠬᠡ ᠶᠢᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃