ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ:
ᠳ᠋ᠢᠩ ᠰᠢᠤ ᠹᠧᠩ ᠰᠤᠷᠭᠠᠨ ᠬᠥᠮᠦᠵᠢᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
2025 5 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠮᠠᠨ ᠤ ᠬᠤᠲᠠ ᠶᠢᠨ ᠬᠡᠰᠡᠭ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠤᠨ ᠥᠨᠳᠦᠷᠯᠢᠭ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠵᠡᠷᠭᠡ ᠠᠵᠢᠯ ᠢ ᠪᠠᠶᠢᠴᠠᠭᠠᠨ ᠰᠤᠳᠤᠯᠪᠠ᠃
ᠳ᠋ᠢᠩ ᠰᠢᠤ ᠹᠧᠩ ᠤᠷᠢᠳ ᠬᠤᠵᠢᠳ ᠪᠣᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠵᠢᠩ ᠺᠠᠢ ᠳᠤᠮᠳᠠᠳᠤ ᠰᠤᠷᠭᠠᠭᠤᠯᠢ᠂ ᠪᠤᠭᠤᠲᠤ ᠶᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠪᠤᠭᠤᠲᠤ ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠨ ᠬᠥᠮᠦᠵᠢᠯ ᠤᠨ ᠥᠨᠳᠦᠷᠯᠢᠭ ᠢ ᠪᠦᠲᠦᠭᠡᠨ ᠪᠠᠶᠢᠭᠤᠯᠬᠤ ᠭᠤᠣᠯᠳᠠᠯᠭ᠎ᠠ ᠪᠣᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠵᠢᠭᠠᠨ ᠰᠤᠷᠭᠠᠯᠲᠠ ᠶᠢᠨ ᠠᠬᠢᠴᠠ᠂ ᠰᠤᠷᠤᠭᠴᠢᠳ ᠤᠨ ᠰᠤᠷᠤᠯᠴᠠᠯᠭ᠎ᠠ ᠶᠢᠨ ᠪᠠᠶᠢᠳᠠᠯ ᠵᠡᠷᠭᠡ ᠣᠶᠢᠯᠠᠭᠠᠪᠠ᠃
ᠳ᠋ᠢᠩ ᠰᠢᠤ ᠹᠧᠩ᠂ ᠡᠯ᠎ᠡ ᠰᠤᠷᠭᠠᠭᠤᠯᠢ ᠪᠣᠯᠤᠨ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠷᠭᠡᠨ ᠣᠯᠠᠨ ᠪᠠᠭᠰᠢ ᠶᠢᠨ ᠪᠤᠭᠤᠲᠤ ᠳᠤ ᠬᠠᠶᠢᠷᠠᠲᠠᠶ᠂ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠤᠭᠤᠲᠤ ᠶᠢᠨ ᠰᠤᠷᠭᠠᠨ ᠬᠥᠮᠦᠵᠢᠯ ᠢ《ᠥᠨᠳᠦᠷᠯᠢᠭ》ᠲᠠᠢ ᠮᠥᠷᠲᠡᠭᠡᠨ ᠪᠠᠰᠠ《ᠣᠷᠭᠢᠯ》ᠲᠠᠢ ᠪᠣᠯᠭᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠠᠴᠠ ᠡᠮᠦᠨᠡᠬᠢ ᠦᠯᠡᠳᠡᠪᠦᠷᠢ ᠴᠠᠭ ᠢ ᠰᠠᠶᠢᠲᠤᠷ ᠂ ᠴᠠᠭ ᠲᠤᠬᠠᠶ ᠳᠤᠨᠢ ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠠᠵᠢᠯᠯᠠᠵᠤ ᠠᠮᠠᠷᠠᠬᠤ ᠪᠠᠨ ᠵᠦᠶ ᠵᠣᠬᠢᠰᠲᠠᠶ ᠳᠣᠭᠢᠷᠠᠭᠤᠯᠤᠨ᠂ ᠰᠡᠳᠬᠢᠴᠡ ᠶᠢᠨ ᠵᠢᠯᠣᠭᠤᠳᠣᠯᠭ᠎ᠠ ᠪᠠᠨ ᠰᠠᠶᠢᠲᠤᠷ ᠬᠢᠵᠦ᠂ ᠰᠤᠷᠤᠭᠴᠢᠳ ᠤᠨ ᠳᠠᠯᠳᠠ ᠴᠢᠳᠠᠪᠤᠷᠢ ᠶᠢ ᠬᠥᠭᠵᠢᠭᠡᠬᠦ ᠮᠥᠷᠲᠡᠭᠡᠨ ᠪᠠᠰᠠ ᠰᠠᠶᠢᠨ ᠰᠡᠳᠬᠢᠴᠡ ᠶᠢᠨ ᠪᠠᠶᠢᠳᠠᠯ ᠲᠠᠢ ᠪᠠᠶᠢᠬᠤ ᠶᠢ ᠪᠠᠲᠤᠯᠠᠵᠤ᠂ ᠬᠡᠤᠬᠡᠳ ᠤᠳ ᠢ ᠰᠠᠶᠢᠨ ᠬᠢᠷᠢ ᠪᠦᠲᠦᠮᠵᠢ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ᠃ ᠰᠤᠷᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠯᠭᠠᠯᠲᠠ ᠶᠢᠨ ᠲᠠᠯᠠᠪᠠᠢ ᠶᠢᠨ ᠲᠠᠷᠬᠠᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠯᠭᠠᠭᠤᠯᠤᠭᠴᠢ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃
ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠳ᠋ᠢᠩ ᠰᠢᠤ ᠹᠧᠩ ᠪᠣᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠪᠣᠯᠤᠨ ᠪᠤᠭᠤᠲᠤ ᠶᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠠᠩᠭᠢ ᠶᠢᠨ ᠭᠡᠰᠢᠭᠦᠳ ᠢ ᠪᠣᠯᠭᠤᠭᠠᠨ ᠦᠵᠡᠵᠦ᠂ ᠪᠤᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ 2025 ᠣᠨ ᠤ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠦᠮᠪᠦᠭᠡ ᠶᠢᠨ ᠬᠤᠯᠪᠣᠭᠠᠲᠤ ᠤᠷᠤᠯᠳᠤᠭᠠᠨ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠳᠦ ᠬᠤᠶᠠᠳᠤᠭᠠᠷ ᠪᠠᠶᠠᠷ ᠬᠦᠷᠭᠡᠵᠦ᠂ ᠲᠡᠳᠡᠨ ᠢ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠡᠷᠡᠯᠬᠡᠭᠯᠡᠨ ᠲᠡᠮᠡᠴᠡᠵᠦ᠂ ᠨᠡᠩ ᠰᠢᠯᠢᠳᠡᠭ ᠠᠮᠵᠢᠯᠲᠠ ᠪᠠᠷ ᠢᠶᠠᠨ ᠪᠣᠭᠤᠲᠤ ᠶᠢᠨ ᠢᠷᠠᠭᠤ ᠠᠯᠳᠠᠷ ᠢ ᠲᠡᠮᠡᠴᠡᠨ ᠣᠯᠵᠤ᠂ ᠵᠠᠯᠠᠭᠤ ᠨᠢᠭᠡ ᠦᠶ᠎ᠡ ᠶᠢᠨ ᠬᠢᠨ ᠤ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠪᠢᠴᠢᠭᠯᠡᠭᠡᠷᠡᠢ ᠭᠡᠵᠦ ᠵᠣᠷᠢᠭᠵᠢᠭᠤᠯᠪᠠ᠃ ᠲᠡᠷᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠠᠵᠢᠯ ᠢ ᠳᠡᠮᠵᠢᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠬᠥᠮᠦᠵᠢᠭᠦᠯᠵᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠵᠤ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢ ᠨᠢ ᠴᠢᠩᠭᠠᠳᠬᠠᠵᠤ᠂ ᠨᠤᠭᠤᠷᠠᠯ ᠢ ᠡᠰᠡᠷᠭᠦᠴᠡᠬᠦ ᠴᠢᠳᠠᠪᠤᠷᠢ ᠶᠢ ᠨᠢ ᠨᠡᠮᠡᠭᠳᠡᠭᠦᠯᠵᠦ᠂ ᠬᠡᠦᠬᠡᠳ ᠢ ᠡᠷᠡᠭᠦᠯ ᠢᠶᠠᠷ ᠦᠰᠦᠨ ᠪᠤᠶᠢᠵᠢᠭᠤᠯᠵᠤ᠂ ᠪᠦᠬᠦ ᠲᠠᠯ᠎ᠠ ᠪᠠᠷ ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠲᠠ ᠶᠢᠨ ᠤᠳᠤᠷᠢᠳᠤᠯᠭ᠎ᠠ ᠵᠧᠦ ᠴᠢᠶᠠᠩ᠂ ᠭᠠᠢ ᠯᠢᠶᠠᠨ ᠢᠦᠢ᠂ ᠬᠤᠯᠪᠣᠭᠳᠠᠯ ᠪᠦᠬᠦᠢ ᠭᠠᠵᠠᠷ ᠣᠷᠣᠨ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃