ᠵᠤᠬᠢᠶᠠᠭᠴᠢ:
ᠴᠠᠭ:2025-09-05
ᠥᠵᠡᠭᠰᠡᠨ : ℃
ᠢᠷᠡᠯᠲᠡ:
ᠴᠧᠨ ᡁᠢ ᠴᠠᠩ ᠲᠦᠪ ᠤᠨ ᠭᠤᠤᠯ ᠪᠣᠯᠬᠣ ᠰᠤᠨᠢᠨ ᠮᠡᠳᠡᠭᠡᠨ ᠤ ᠨᠢᠭᠡᠴᠢ ᠢᠢᠨ ᠦᠪᠦᠷ ᠮᠤᠩᠭᠤᠯ ᠳᠤ ᠰᠠᠭᠤᠭ᠎ᠠ ᠪᠠᠶᠢᠭᠤᠯᠭ᠎ᠠ ᠢᠢ ᠰᠤᠷᠪᠤᠯᠵᠢᠯᠠᠪᠠ
ᠣᠶᠢᠷ᠎ᠠ ᠳᠤ᠂ ᠬᠤᠲᠠ ᠢᠢᠨ ᠨᠠᠮ ᠤᠨ ᠬᠤᠷᠢᠶᠠᠨ ᠤ ᠱᠦᠵᠢ ᠴᠧᠨ ᡁᠢ ᠴᠠᠩ ᠲᠥᠪ ᠤᠨ ᠭᠤᠤᠯ ᠪᠣᠯᠬᠤ ᠰᠣᠨᠢᠨ ᠮᠡᠳᠡᠭᠡᠨ ᠤ ᠨᠢᠭᠡᠴᠢ ᠢᠢᠨ ᠥᠪᠥᠷ ᠮᠣᠩᠭᠤᠯ ᠳᠤ ᠰᠠᠭᠤᠭ᠎ᠠ ᠪᠠᠶᠢᠭᠤᠯᠤᠮᠵᠢ ᠪᠠᠷ ᠰᠤᠷᠪᠤᠯᠵᠢᠯᠠᠵᠤ᠂ ᠲᠥᠪ ᠤᠨ ᠵᠠᠭᠤᠴᠢᠯᠠᠭᠤᠷ ᠤᠨ ᠣᠷᠳᠣ ᠬᠤᠭᠤᠴᠠᠭᠠᠨ ᠤ ᠲᠤᠷᠰᠢ ᠪᠤᠭᠤᠲᠤ ᠢᠢ ᠬᠠᠯᠠᠮᠵᠢᠯᠠᠨ ᠳᠡᠮᠵᠢᠭ᠍ᠰᠡᠭᠡᠷ ᠢᠷᠡᠭ᠍ᠰᠡᠨ ᠳᠤ ᠴᠢᠩ ᠰᠡᠳᠭᠢᠯ ᠠᠴᠠ ᠪᠠᠨ ᠲᠠᠯᠠᠷᠬᠠᠭᠰᠠᠨ ᠪᠥᠭᠡᠳ ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠢᠢᠨ ᠳᠠᠷᠤᠭ᠎ᠠ ᠴᠧᠨ ᠹᠸᠢ ᠢᠦᠶ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠢᠢᠨ ᠳᠠᠷᠤᠭ᠎ᠠ ᠯᠢᠦ ᠸᠧᠶ᠂ ᠲᠥᠪ ᠤᠨ ᠷᠠᠳᠢᠣ᠋ ᠲ᠋ᠧᠯᠸᠢᠰ ᠤᠨ ᠶᠡᠷᠦᠩᠬᠡᠶ ᠬᠤᠷᠢᠶ᠎ᠠ ᠢᠢᠨ ᠥᠪᠥᠷ ᠮᠣᠩᠭᠤᠯ ᠤᠨ ᠶᠡᠷᠦᠩᠬᠡᠶ ᠥᠷᠲᠡᠭᠡ ᠢᠢᠨ ᠬᠤᠷᠠᠯᠳᠤᠭᠤᠯᠤᠭᠴᠢ ᠯᠢᠦ ᠰᠢᠶᠤᠤ ᠪᠥᠸᠧ ᠲᠠᠢ ᠲᠣᠰ ᠲᠣᠰ ᠣᠷᠣᠨ ᠨᠤᠲᠤᠭ ᠤᠨ ᠪᠠ ᠵᠠᠭᠤᠴᠢᠯᠠᠭᠤᠷ ᠤᠨ ᠬᠠᠮᠲᠤᠷᠠᠯᠴᠠᠭ᠎ᠠ ᠢᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠢᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃
ᠴᠧᠨ ᡁᠢ ᠴᠠᠩ ᠣᠶᠢᠷ᠎ᠠ ᠢᠢᠨ ᠵᠢᠯ ᠤᠨ ᠲᠤᠷᠰᠢᠬᠢ ᠪᠤᠭᠤᠲᠤ ᠢᠢᠨ ᠠᠵᠤ ᠠᠬᠤᠶ ᠨᠡᠶᠢᠭᠡᠮ ᠤᠨ ᠬᠥᠭ᠍ᠵᠢᠯᠲᠡ ᠢᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠡᠯ᠎ᠡ ᠲᠥᠪ ᠤᠨ ᠵᠠᠭᠤᠴᠢᠯᠠᠭᠤᠷ ᠤᠨ ᠬᠢᠨ ᠪᠤᠭᠤᠲᠤ ᠢᠢ ᠲᠦᠢᠯ ᠢᠶᠠᠷ ᠬᠠᠯᠠᠮᠵᠢᠯᠠᠨ ᠠᠩᠬᠠᠷᠴᠤ᠂ ᠮᠠᠰᠢ ᠤᠯᠠᠨ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠲᠠᠢ᠂ ᠪᠤᠭᠤᠲᠤ ᠢᠢᠨ ᠲᠦᠷᠢ ᠲᠥᠷᠬᠦ ᠢᠢ ᠭᠦᠢᠴᠡᠳ ᠢᠯᠡᠷᠡᠭᠦᠯᠦᠭ᠍ᠰᠡᠨ ᠰᠣᠨᠢᠨ ᠮᠡᠳᠡᠭᠡᠨ ᠤ ᠮᠡᠳᠡᠭᠡᠯᠡᠯ ᠢ ᠰᠣᠷᠪᠤᠯᠵᠢᠯᠠᠨ ᠨᠠᠶᠢᠷᠠᠭᠤᠯᠵᠤ᠂ ᠨᠡᠪᠲᠡᠷᠡᠭᠦᠯᠵᠦ᠂ ᠪᠢᠳᠡᠨ ᠢ ᠶᠡᠬᠡᠳᠡ ᠳᠣᠭᠳᠣᠯᠤᠭᠤᠯᠵᠤ᠂ ᠶᠡᠬᠡᠳᠡ ᠵᠣᠷᠢᠭᠵᠢᠭᠤᠯᠤᠭᠰᠠᠨ ᠪᠠᠶᠢᠨ᠎ᠠ᠃ ᠣᠳᠣᠬᠠᠨ ᠳᠤ᠂ ᠪᠤᠭᠤᠲᠤ ᠶᠠᠭ ᠠᠵᠤ ᠦᠢᠯᠡᠳᠪᠦᠷᠢ ᠢᠢᠨ ᠬᠠᠭᠤᠴᠢᠨ ᠰᠠᠭᠤᠷᠢᠨ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠰᠢᠨ᠎ᠡ ᠢᠢ ᠡᠭᠦᠳᠦᠨ ᠬᠥᠭ᠍ᠵᠢᠬᠦ ᠰᠢᠨ᠎ᠡ ᠵᠠᠮ ᠢᠶᠠᠷ ᠲᠦᠷᠭᠡᠨ ᠵᠠᠮᠨᠠᠵᠤ ᠪᠠᠶᠢᠨ᠎ᠠ᠂ ᠨᠡᠩ ᠴᠤ ᠲᠥᠪ ᠤᠨ ᠵᠠᠭᠤᠴᠢᠯᠠᠭᠤᠷ ᠤᠨ ᠬᠦᠴᠦᠲᠡᠢ ᠳᠡᠮᠵᠢᠯᠭᠡ ᠴᠢᠬᠤᠯᠠᠲᠠᠢ ᠪᠠᠶᠢᠨ᠎ᠠ᠃ ᠣᠯᠠᠨ ᠢᠶᠠᠷ ᠢᠶᠠᠨ ᠲᠥᠪ ᠤᠨ ᠵᠠᠭᠤᠴᠢᠯᠠᠭᠤᠷ ᠤᠨ ᠤᠳᠤᠷᠢᠳᠤᠮᠵᠢ ᠪᠣᠯᠤᠨ ᠬᠥᠲᠥᠯᠥᠨ ᠳᠠᠭᠠᠭᠤᠯᠬᠤ ᠦᠢᠯᠡᠳᠦᠯ ᠢᠶᠡᠨ ᠤᠯᠠᠮ ᠨᠢᠭᠡ ᠠᠯᠬᠤᠮ ᠪᠠᠳᠠᠷᠠᠭᠤᠯᠵᠤ᠂ ᠨᠠᠩ ᠣᠯᠠᠨ ᠰᠢᠨ᠎ᠡ ᠰᠣᠷᠭᠤᠭ ᠮᠠᠲ᠋ᠧᠷᠢᠶᠠᠯ ᠪᠣᠯᠤᠨ ᠠᠮᠢᠳᠤᠯᠢᠭ ᠬᠡᠷᠡᠭ ᠤᠨ ᠵᠢᠱᠢᠶ᠎ᠡ ᠢᠢ ᠠᠭᠤᠳᠠᠯᠵᠤ᠂ ᠪᠤᠭᠤᠲᠤ ᠢᠢᠨ 《ᠬᠤᠶᠠᠷ ᠬᠤᠪᠣᠷ ᠰᠢᠷᠣᠶ ᠢᠢᠨ ᠰᠠᠭᠤᠷᠢᠨ ᠭᠠᠵᠠᠷ》 ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠦᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭ᠍ᠵᠢᠭᠦᠯᠬᠦ᠂ ᠣᠳᠣᠬᠢᠴᠢᠯᠠᠭᠰᠠᠨ ᠠᠷᠠᠳ ᠤᠨ ᠬᠤᠲᠠ ᠢᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠲᠤᠷᠰᠢᠯᠭ᠎ᠠ ᠪᠣᠯᠤᠨ ᠬᠢᠯᠠᠰ ᠴᠡᠭ ᠢ ᠣᠯᠠᠨ ᠲᠠᠯ᠎ᠠ ᠪᠠᠷ ᠳᠡᠯᠭᠡᠨ ᠦᠵᠡᠭᠦᠯᠵᠦ᠂ ᠪᠤᠭᠤᠲᠤ ᠢᠢᠨ ᠥᠯᠢᠭᠡᠷ ᠢ ᠨᠠᠩ ᠭᠤᠶᠢᠳᠠ ᠰᠠᠶᠢᠬᠠᠨ ᠶᠠᠷᠢᠵᠤ᠂ ᠪᠤᠭᠤᠲᠤ ᠢᠢᠨ ᠲᠠᠭᠤᠨ ᠢ ᠨᠠᠩ ᠬᠠᠩᠭᠢᠨᠠᠲᠠᠯ᠎ᠠ ᠳᠠᠮᠵᠢᠭᠤᠯᠬᠤ ᠢᠢ ᠬᠦᠰᠡᠵᠦ ᠪᠠᠶᠢᠨ᠎ᠠ᠃ ᠪᠠᠰᠠ ᠤᠯᠠᠨ ᠢᠶᠠᠷ ᠢᠶᠠᠨ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠢᠢ ᠴᠢᠩᠭᠠᠳᠬᠠᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠢᠢ ᠥᠷᠨᠢᠭᠦᠯᠬᠦ ᠂ ᠰᠠᠶᠢᠨ ᠵᠥᠪᠯᠡᠭ᠍ᠴᠢ ᠤᠶᠤᠨ ᠤ ᠬᠥᠮᠥᠷᠭᠡ ᠪᠣᠯᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ ᠪᠤᠭᠤᠲᠤ ᠢᠢᠨ ᠴᠢᠨᠠᠷ ᠰᠠᠶᠢᠲᠠᠢ ᠬᠥᠭ᠍ᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠢᠢ ᠬᠦᠰᠡᠵᠦ ᠪᠠᠶᠢᠨ᠎ᠠ᠃ ᠪᠤᠭᠤᠲᠤ ᠬᠤᠲᠠ ᠢᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠳᠤ ᠰᠠᠭᠤᠭ᠎ᠠ ᠲᠥᠪ ᠤᠨ ᠰᠣᠨᠢᠨ ᠮᠡᠳᠡᠭᠡᠨ ᠤ ᠨᠢᠭᠡᠴᠢ ᠲᠠᠢ ᠬᠠᠷᠢᠯᠴᠠᠬᠤ ᠰᠠᠨᠠᠭᠠᠴᠢᠯᠠᠭᠠᠲᠤ ᠴᠢᠨᠠᠷ᠂ ᠬᠠᠮᠵᠢᠯᠴᠠᠭᠠᠨ ᠤ ᠨᠢᠭᠲᠠᠴᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭ᠍ᠭᠦᠨ᠎ᠡ ᠭᠡᠪᠡ᠃
ᠥᠪᠥᠷ ᠮᠣᠩᠭᠤᠯ ᠳᠤ ᠰᠠᠭᠤᠭ᠎ᠠ ᠲᠥᠪ ᠤᠨ ᠰᠣᠨᠢᠨ ᠮᠡᠳᠡᠭᠡᠨ ᠤ ᠨᠢᠭᠡᠴᠢ ᠢᠢᠨ ᠬᠠᠷᠢᠭᠤᠴᠠᠯᠭᠠᠲᠠᠨ ᠴᠧᠨ ᡁᠢ ᠴᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠤᠰ ᠪᠡᠶ᠎ᠡ ᠢᠢᠨ ᠲᠠᠪᠴᠠᠩ ᠤᠨ ᠳᠠᠪᠠᠭᠤᠯᠢᠭ᠂ ᠳᠠᠮᠵᠢᠭᠤᠯᠭ᠎ᠠ ᠢᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠭᠤᠯᠭ᠎ᠠ ᠢᠢᠨ ᠰᠢᠨ᠎ᠡ ᠢᠢ ᠡᠭᠦᠳᠬᠦ᠂ ᠬᠡᠯᠪᠡᠷᠢ ᠢᠢᠨ ᠰᠢᠨ᠎ᠡ ᠢᠢ ᠡᠭᠦᠳᠬᠦ᠂ ᠠᠷᠭ᠎ᠠ ᠵᠠᠮ ᠤᠨ ᠰᠢᠨ᠎ᠡ ᠢᠢ ᠡᠭᠦᠳᠬᠦ ᠢᠢ ᠴᠢᠩᠭᠠᠳᠬᠠᠵᠤ᠂ ᠤᠬᠠᠭᠤᠯᠭ᠎ᠠ ᠢᠢᠨ ᠭᠠᠷᠳᠠᠬᠤ ᠴᠡᠭ ᠢ ᠰᠠᠶᠢᠲᠤᠷ ᠡᠷᠢᠵᠦ᠂ ᠪᠤᠭᠤᠲᠤ ᠢᠢᠨ ᠠᠵᠤ ᠦᠢᠯᠡᠰ ᠤᠨ ᠰᠠᠭᠤᠷᠢ ᠪᠠ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠵᠤ᠂ ᠠᠵᠤ ᠦᠢᠯᠡᠳᠪᠦᠷᠢ ᠢᠢᠨ ᠬᠠᠭᠤᠴᠢᠨ ᠰᠠᠭᠤᠷᠢᠨ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠰᠢᠨ᠎ᠡ ᠢᠢ ᠡᠭᠦᠳᠬᠦ ᠬᠥᠭ᠍ᠵᠢᠯᠲᠡ ᠢᠢᠨ ᠠᠮᠢᠳᠤᠯᠢᠭ ᠦᠢᠯᠡᠳᠦᠯᠭᠡ ᠢᠢ ᠠᠬᠢᠭᠤᠯᠵᠤ᠂ ᠪᠤᠭᠤᠲᠤ ᠢᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭ᠍ᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠦ ᠢᠯᠡᠳᠭᠡᠪᠡ᠃
ᠬᠤᠲᠠ ᠢᠢᠨ ᠤᠳᠤᠷᠢᠳᠤᠯᠭ᠎ᠠ ᠸᠠᠩ ᠯᠢᠩ᠂ ᠭᠠᠢ ᠯᠢᠶᠠᠨ ᠢᠦᠢ ᠣᠷᠣᠯᠴᠠᠵᠠᠢ᠃