ᠵᠤᠬᠢᠶᠠᠭᠴᠢ:
ᠴᠠᠭ:2025-10-15
ᠥᠵᠡᠭᠰᠡᠨ : ℃
ᠢᠷᠡᠯᠲᠡ:
ᠪᠥᠬᠦ ᠬᠤᠲᠠ ᠶ᠋ᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠢᠭᠤᠯᠤᠯᠲᠠ ᠬᠢᠭᠡᠳ ᠲᠥᠯᠥᠪᠵᠢᠭᠦᠯᠦᠨ ᠲᠣᠬᠢᠷᠠᠭᠤᠯᠬᠤ ᠠᠵᠢᠯ ᠤᠨ ᠬᠤᠷᠠᠯ ᠬᠤᠷᠠᠯᠳᠤᠪᠠ
2025 10 ᠳ᠋ᠤᠭᠠᠷ ᠰᠠᠷ᠎ᠠ ᠶ᠋ᠢᠨ 9 ᠤ ᠡᠳᠦᠷ᠂ ᠬᠤᠲᠠ ᠶ᠋ᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶ᠋ᠢᠨ ᠳᠠᠷᠤᠭ᠎ᠠ ᠮᠧᠩ ᠴᠢᠩ ᠸᠧᠶ ᠪᠥᠬᠦ ᠬᠤᠲᠠ ᠶ᠋ᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠢᠭᠤᠯᠤᠯᠲᠠ ᠬᠢᠭᠡᠳ ᠲᠥᠯᠥᠪᠵᠢᠭᠦᠯᠦᠨ ᠲᠣᠬᠢᠷᠠᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2025 ᠣᠨ ᠤ ᠴᠢᠬᠤᠯᠠ ᠶᠡᠭᠡ ᠲᠥᠷᠥᠯ ᠵᠦᠢᠯ ᠤᠨ ᠠᠬᠢᠴᠠ ᠶ᠋ᠢ ᠰᠣᠨᠣᠰᠴᠤ᠂ 2026 ᠣᠨ ᠵᠢᠴᠢ《ᠠᠷᠪᠠᠨ ᠲᠠᠪᠤᠳᠤᠭᠠᠷ ᠲᠠᠪᠤᠨ ᠵᠢᠯ》 ᠤᠨ ᠲᠦᠯᠦᠪᠵᠢᠭᠦᠯᠭᠡ ᠶ᠋ᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠶ᠋ᠢᠨ ᠢ ᠰᠤᠳᠤᠯᠪᠠ᠃ ᠲᠥᠷᠥᠯ ᠵᠦᠢᠯ ᠤᠨ ᠲᠣᠬᠢᠷᠠᠭᠤᠯᠤᠯᠲᠠ ᠶ᠋ᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠭᠵᠢᠷᠡᠯ ᠢ ᠨᠡᠪᠲᠡᠷᠡᠭᠦᠯᠵᠦ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶ᠋ᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠲᠥᠯᠥᠪᠵᠢᠭᠦᠯᠭᠡ ᠶ᠋ᠢ ᠴᠢᠩᠭᠠᠳᠬᠠᠵᠤ᠂ ᠬᠤᠳᠠ ᠲᠣᠭᠤᠷᠢᠭ ᠬᠤᠶᠠᠷ ᠱᠠᠲᠤᠨ ᠤ ᠤᠳᠤᠷᠢᠳᠤᠯᠭ᠎ᠠ ᠶ᠋ᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶ᠋ᠢ ᠴᠢᠩᠭᠠᠳᠬᠠᠵᠤ᠂ ᠬᠦᠷᠢᠶ᠎ᠡ ᠴᠠᠷᠠᠭ᠎ᠠ ᠨᠢᠭᠡᠪᠦᠷᠢ᠂ ᠭᠠᠵᠠᠷ ᠣᠷᠣᠨ ᠨᠢᠭᠡᠪᠦᠷᠢ ᠪᠠᠷ ᠢᠶᠠᠨ ᠢ ᠲᠣᠳᠣᠷᠬᠠᠢᠯᠠᠵᠤ᠂ ᠢᠷᠡᠬᠦ ᠵᠢᠯ ᠪᠣᠯᠤᠨ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶ᠋ᠢᠨ ᠲᠦᠷᠦᠯ ᠵᠦᠢᠯ ᠤᠨ ᠬᠡᠪᠴᠢᠶ᠎ᠡ ᠶ᠋ᠢ ᠪᠣᠳᠠᠲᠠᠢᠵᠢᠭᠤᠯᠬᠤ ᠬᠡᠷᠡᠭᠲᠡᠢ᠃ ᠲᠦᠷᠦᠯ ᠵᠦᠢᠯ ᠤᠨ ᠤᠬᠠᠮᠰᠠᠷ ᠢᠶᠠᠨ ᠴᠢᠩᠭᠠᠳᠬᠠᠵᠤ᠂《ᠭᠤᠷᠪᠠ ᠡᠴᠡ ᠭᠤᠷᠪᠠ ᠶ᠋ᠢ ᠡᠷᠢᠬᠦ》ᠠᠵᠤ ᠠᠬᠤᠢᠯᠠᠯ ᠢ ᠲᠤᠰᠠᠯᠠᠬᠤ ᠦᠢᠯᠡᠴᠢᠯᠡᠭᠡᠨ ᠤ ᠲᠣᠭᠲᠠᠴᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠭᠤᠲᠤ ᠳᠤ ᠪᠠᠶᠢᠬᠤ ᠶᠡᠷᠦᠩᠬᠡᠶᠢᠯᠡᠭᠴᠢ ᠲᠣᠯᠣᠭᠠᠢᠯᠠᠭᠴᠢ ᠠᠵᠤ ᠤᠨ ᠢᠷᠡᠭᠡᠳᠦᠢ ᠶ᠋ᠢᠨ ᠲᠠᠪᠤᠨ ᠵᠢᠯ ᠤᠨ ᠬᠥᠭᠵᠢᠯᠲᠡ ᠶ᠋ᠢᠨ ᠲᠥᠯᠥᠪᠵᠢᠭᠦᠯᠭᠡ ᠶ᠋ᠢ ᠴᠢᠩᠭ᠎ᠠ ᠠᠩᠬᠠᠷᠴᠤ᠂ ᠠᠵᠤ ᠤᠨ ᠬᠦᠰᠡᠯ ᠱᠠᠭᠠᠷᠳᠠᠯᠭ᠎ᠠ ᠶ᠋ᠢ ᠰᠡᠳᠬᠢᠯ ᠲᠠᠯᠪᠢᠨ ᠬᠦᠴᠦᠯᠡᠨ ᠰᠶᠢᠳᠪᠦᠷᠢᠯᠡᠵᠦ᠂ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶ᠋ᠢ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠥᠭᠵᠢᠯᠲᠡ ᠶ᠋ᠢᠨ ᠪᠠᠢᠷᠢ ᠲᠣᠭᠲᠠᠭᠠᠯᠲᠠ᠂ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠵᠡᠷᠭᠡ ᠵᠠᠩᠭᠢᠯᠠᠭ᠎ᠠ ᠶ᠋ᠢᠨ ᠠᠰᠠᠭᠤᠳᠠᠯ ᠢ ᠭᠦᠨᠵᠡᠭᠡᠢ ᠰᠤᠳᠤᠯᠤᠨ ᠰᠶᠢᠳᠪᠦᠷᠢᠯᠡᠵᠦ᠂ ᠤᠯᠤᠰ ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶ᠋ᠢᠨ ᠲᠥᠯᠥᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠲᠦᠷᠦᠯ ᠵᠦᠢᠯ ᠢ ᠰᠣᠯᠪᠢᠴᠠᠨ ᠣᠷᠣᠭᠤᠯᠤᠨ ᠠᠪᠴᠢᠷᠠᠬᠤ ᠪᠠ ᠪᠠᠢᠷᠢᠰᠢᠭᠤᠯᠵᠤ᠂ ᠪᠦᠬᠦ ᠬᠤᠳᠠ ᠶ᠋ᠢᠨ ᠴᠢᠨᠠᠷ ᠰᠠᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶ᠋ᠢᠨ ᠳᠡᠭᠡᠳᠦ ᠰᠢᠨ᠎ᠡ ᠮᠡᠷᠭᠡᠵᠢᠯ ᠤᠨ ᠲᠣᠭᠣᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠬᠤᠳᠠ ᠶ᠋ᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠂ ᠬᠤᠳᠠ ᠶ᠋ᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃