ᠵᠤᠬᠢᠶᠠᠭᠴᠢ:
ᠴᠠᠭ:2025-11-06
ᠥᠵᠡᠭᠰᠡᠨ : ℃
ᠢᠷᠡᠯᠲᠡ:
ᠪᠤᠭᠤᠲᠤ ᠬᠤᠲᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤᠨ ᠲᠣᠪᠴᠢᠶ᠎ᠠ 2025 ᠣᠨ ᠤ ᠪᠥᠬᠦ ᠬᠤᠲᠠ ᠶ᠋ᠢᠨ ᠤᠯᠤᠰ ᠤᠨ ᠭᠠᠵᠠᠷ ᠰᠢᠷᠣᠶ ᠶ᠋ᠢ ᠬᠤᠪᠢᠷᠠᠭᠤᠯᠬᠤ ᠪᠠᠢᠴᠠᠭᠠᠯᠲᠠ ᠵᠢᠴᠢ ᠪᠠᠢᠭᠠᠯᠢ ᠶ᠋ᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠪᠠᠢᠷᠢᠯᠠᠭᠤᠯᠤᠯᠲᠠ ᠶ᠋ᠢ ᠠᠬᠢᠭᠤᠯᠬᠤ ᠬᠤᠷᠠᠯ ᠬᠤᠷᠠᠯᠳᠤᠭᠤᠯᠪᠠ
2025 10 ᠳ᠋ᠤᠭᠠᠷ ᠰᠠᠷ᠎ᠠ ᠶ᠋ᠢᠨ 27 ᠤ ᠡᠳᠦᠷ ᠂ ᠪᠤᠭᠤᠲᠤ ᠬᠤᠲᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤᠨ ᠲᠣᠪᠴᠢᠶ᠎ᠠ ᠶ᠋ᠢᠨ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠦᠸᠧ ᠽᠧ ᠬᠤᠩ 2025 ᠣᠨ ᠤ ᠪᠥᠬᠦ ᠬᠤᠲᠠ ᠶ᠋ᠢᠨ ᠤᠯᠤᠰ ᠤᠨ ᠭᠠᠵᠠᠷ ᠰᠢᠷᠣᠶ ᠶ᠋ᠢ ᠬᠤᠪᠢᠷᠠᠭᠤᠯᠬᠤ ᠪᠠᠢᠴᠠᠭᠠᠯᠲᠠ ᠵᠢᠴᠢ ᠪᠠᠢᠭᠠᠯᠢ ᠶ᠋ᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠪᠠᠢᠷᠢᠯᠠᠭᠤᠯᠤᠯᠲᠠ ᠶ᠋ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠪᠴᠢᠶ᠎ᠠ ᠶ᠋ᠢᠨ ᠬᠠᠮᠢᠶ᠎ᠠ ᠪᠥᠬᠦᠶ ᠰᠠᠯᠠᠭ᠎ᠠ ᠭᠡᠷ᠂ ᠲᠣᠪᠴᠢᠶ᠎ᠠ ᠶ᠋ᠢᠨ ᠬᠠᠷᠢᠶ᠎ᠠ ᠡᠯ᠎ᠡ ᠨᠢᠭᠡᠴᠢ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠪᠢᠳᠠᠨ ᠬᠠᠮᠢᠶᠠᠷᠴᠦ ᠪᠦᠬᠦᠢ ᠤᠳᠤᠷᠢᠳᠤᠯᠭ᠎ᠠ ᠬᠢᠭᠡᠳ ᠠᠵᠢᠯᠲᠠᠨ ᠲᠣᠰ ᠲᠣᠰ ᠵᠥᠪᠯᠡᠬᠦ ᠰᠡᠳᠦᠪ ᠲᠤ ᠣᠷᠣᠯᠴᠠᠪᠠ᠃
ᠬᠤᠷᠠᠯ ᠠᠴᠠ 2025 ᠣᠨ ᠤ ᠤᠯᠤᠰ ᠤᠨ ᠭᠠᠵᠠᠷ ᠰᠢᠷᠣᠶ ᠶ᠋ᠢ ᠬᠤᠪᠢᠷᠠᠭᠤᠯᠬᠤ ᠪᠠᠢᠴᠠᠭᠠᠯᠲᠠ ᠶ᠋ᠢᠨ ᠠᠵᠢᠯ ᠳᠤ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠂ ᠠᠵᠢᠯ ᠤᠨ ᠵᠣᠬᠢᠶᠠᠨ ᠪᠠᠢᠭᠤᠯᠤᠯᠲᠠ ᠶ᠋ᠢᠨ ᠬᠡᠯᠪᠡᠷᠢ᠂ ᠰᠠᠭᠤᠷᠢ ᠲᠤᠭ᠎ᠠ ᠪᠠᠷᠢᠮᠲᠠ ᠶ᠋ᠢᠨ ᠪᠠᠲᠤᠯᠠᠭ᠎ᠠ᠂ ᠭᠠᠵᠠᠷ ᠰᠢᠷᠣᠶ ᠶ᠋ᠢᠨ ᠲᠥᠷᠥᠯ ᠢ ᠮᠠᠭᠠᠳᠯᠠᠨ ᠲᠣᠭᠲᠠᠭᠠᠬᠤ ᠲᠦᠷᠢᠮ᠂ ᠲᠠᠷᠢᠶᠠᠨ ᠭᠠᠵᠠᠷ ᠢ ᠰᠢᠯᠢᠳᠡᠭᠵᠢᠭᠦᠯᠬᠦ᠂ ᠪᠥᠲᠥᠭᠡᠨ ᠪᠠᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠭᠠᠵᠠᠷ ᠰᠢᠷᠣᠶ ᠶ᠋ᠢᠨ ᠲᠥᠷᠥᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠡᠷᠭᠡ ᠲᠥᠷᠥ ᠶ᠋ᠢᠨ ᠪᠣᠳᠣᠯᠭ᠎ᠠ ᠶ᠋ᠢᠨ ᠬᠤᠪᠢᠷᠠᠯᠲᠠ ᠳᠤ ᠭᠤᠤᠯᠳᠠᠯᠭ᠎ᠠ ᠲᠠᠢ ᠲᠠᠢᠯᠤᠮᠵᠢ ᠬᠢᠭᠰᠡᠨ ᠪᠥᠭᠡᠳ ᠪᠥᠬᠦ ᠬᠤᠲᠠ ᠶ᠋ᠢᠨ 2025 ᠣᠨ ᠤ ᠬᠤᠪᠢᠷᠠᠯᠲᠠ ᠶ᠋ᠢᠨ ᠪᠠᠢᠴᠠᠭᠠᠯᠲᠠ ᠶ᠋ᠢᠨ ᠠᠵᠢᠯ ᠢ ᠵᠣᠬᠢᠶᠠᠨ ᠪᠠᠢᠭᠤᠯᠵᠤ ᠬᠡᠷᠡᠭᠵᠢᠭᠦᠯᠬᠦ᠂ ᠴᠠᠭ ᠬᠤᠭᠤᠴᠠᠭ᠎ᠠ᠂ ᠦᠷ᠎ᠡ ᠪᠦᠲᠦᠭᠡᠯ ᠤᠨ ᠶᠠᠰᠤ ᠴᠢᠨᠠᠷ ᠲᠤ ᠱᠠᠭᠠᠷᠳᠠᠯᠭ᠎ᠠ ᠳᠤᠷᠠᠳᠪᠠ᠃
ᠬᠤᠷᠠᠯ ᠠᠴᠠ᠂ 2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶ᠋ᠢᠨ ᠰᠡᠭᠦᠯ ᠬᠤᠷᠢᠶᠠᠬᠤ ᠪᠠ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶ᠋ᠢᠨ ᠵᠠᠩᠭᠢᠯᠠᠭ᠎ᠠ ᠶ᠋ᠢᠨ ᠴᠡᠭ ᠪᠣᠯᠤᠭᠰᠠᠨ ᠤ ᠬᠤᠪᠢ ᠳᠤ᠂ ᠤᠯᠤᠰ ᠤᠨ ᠭᠠᠵᠠᠷ ᠰᠢᠷᠣᠶ ᠶ᠋ᠢ ᠬᠤᠪᠢᠷᠠᠭᠤᠯᠬᠤ ᠪᠠᠢᠴᠠᠭᠠᠯᠲᠠ ᠶ᠋ᠢᠨ ᠦᠷ᠎ᠡ ᠪᠦᠲᠦᠭᠡᠯ ᠪᠣᠯ ᠪᠠᠢᠭᠠᠯᠢ ᠶ᠋ᠢᠨ ᠡᠬᠢ ᠪᠠᠶᠠᠯᠢᠭ ᠤᠨ ᠬᠠᠮᠢᠶᠠᠷᠤᠯᠲᠠ ᠶ᠋ᠢᠨ ᠴᠢᠬᠤᠯᠠ ᠲᠤᠯᠭᠠᠭᠤᠷᠢᠯᠠᠯ ᠮᠥᠨ᠂ ᠡᠯ᠎ᠡ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠳᠤ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ ᠲᠤᠭ᠎ᠠ ᠪᠠᠷᠢᠮᠲᠠ ᠶ᠋ᠢᠨ ᠦᠨᠡᠨ ᠪᠣᠳᠠᠲᠠᠶ ᠪᠠᠢᠬᠤ ᠶ᠋ᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠪᠠᠢᠳᠠᠯ ᠢ ᠭᠦᠨᠵᠡᠭᠡᠶ ᠡᠵᠡᠮᠳᠡᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠡᠨ ᠴᠢᠩᠭᠠᠳᠬᠠᠵᠤ᠂ ᠲᠤᠭ᠎ᠠ ᠪᠠᠷᠢᠮᠲᠠ ᠶ᠋ᠢᠨ ᠦᠨᠡᠨ ᠪᠣᠳᠠᠲᠠᠶ ᠣᠨᠣᠪᠴᠢᠲᠠᠶ ᠪᠠᠢᠬᠤ ᠶ᠋ᠢ ᠭᠤᠤᠯ ᠱᠠᠭᠠᠷᠳᠠᠯᠭ᠎ᠠ ᠪᠣᠯᠭᠠᠵᠤ᠂ ᠪᠠᠢᠴᠠᠭᠠᠯᠲᠠ ᠶ᠋ᠢᠨ ᠦᠷ᠎ᠡ ᠪᠦᠲᠦᠭᠡᠯ ᠤᠨ ᠶᠠᠰᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠬᠤ ᠬᠡᠷᠡᠭᠲᠡᠶ︔ ᠬᠤᠶᠠᠷ ᠲᠤ ᠠᠬᠢᠴᠠ ᠶ᠋ᠢ ᠴᠢᠩᠭ᠎ᠠ ᠠᠩᠬᠠᠷᠴᠤ᠂ ᠡᠭᠦᠷᠭᠡ ᠶ᠋ᠢᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠶ᠃ ᠠᠵᠢᠯ ᠤᠨ ᠬᠤᠭᠤᠴᠠᠭ᠎ᠠ ᠶ᠋ᠢ ᠲᠣᠭᠲᠠᠭᠠᠨ ᠦᠷ᠎ᠡ ᠪᠦᠲᠦᠭᠡᠯ ᠢ ᠳᠡᠭᠡᠭᠰᠢ ᠮᠡᠳᠡᠭᠦᠯᠵᠦ᠂ ᠡᠯ᠎ᠡ ᠭᠤᠭᠴᠤᠭ᠎ᠠ ᠶ᠋ᠢᠨ ᠲᠤᠭ᠎ᠠ ᠪᠠᠷᠢᠮᠲᠠ ᠶ᠋ᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠶ᠋ᠢ ᠡᠷᠡᠰ ᠬᠤᠷᠢᠭᠯᠠᠵᠤ᠂ ᠪᠠᠢᠴᠠᠭᠠᠯᠲᠠ ᠶ᠋ᠢᠨ ᠡᠭᠦᠷᠭᠡ ᠶ᠋ᠢ ᠴᠢᠨᠠᠷ ᠰᠠᠢᠲᠠᠢ ᠪᠡᠶᠡᠯᠡᠭᠦᠯᠬᠦ ᠶ᠋ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠳᠠᠷᠠᠭ᠎ᠠ ᠳᠤᠨᠢ᠂ ᠬᠤᠷᠠᠯ ᠠᠴᠠ ᠪᠦᠬᠦ ᠬᠤᠳᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠢᠵᠢᠷᠠᠭᠤᠯᠤᠭᠰᠠᠨ ᠠᠬᠢᠴᠠ ᠶ᠋ᠢ ᠮᠡᠳᠡᠭᠳᠡᠵᠦ᠂ ᠣᠳᠣᠬᠠᠨ ᠤ ᠴᠡᠭᠴᠡᠯᠡᠨ ᠰᠠᠢᠵᠢᠷᠠᠭᠤᠯᠬᠤ ᠠᠵᠢᠯ ᠤᠨ ᠳᠤᠮᠳᠠ ᠦᠯᠡᠳᠡᠭᠡᠯ ᠡᠭᠦᠷᠭᠡ ᠶ᠋ᠢ ᠴᠡᠪᠡᠷᠯᠡᠬᠦ᠂ ᠰᠢᠨ᠎ᠡ ᠪᠠᠷ ᠨᠡᠮᠡᠭᠳᠡᠬᠦ ᠠᠶᠤᠯ ᠲᠦᠭᠰᠢᠭᠦᠷᠢ ᠳᠤᠪᠤᠢᠮ᠎ᠠ ᠪᠠᠢᠬᠤ ᠵᠡᠷᠭᠡ ᠥᠷᠢᠰᠥᠯᠳᠦᠭᠡᠨ ᠳᠤ ᠲᠤᠯᠭᠠᠷᠠᠵᠤ ᠪᠠᠢᠨ᠎ᠠ᠂ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠴᠢᠬᠤᠯᠠᠲᠠᠢ ᠪᠠᠶᠢᠬᠤ ᠶ᠋ᠢ ᠵᠢᠭᠠᠵᠤ ᠭᠠᠷᠭᠠᠪᠠ᠃ ᠡᠯ᠎ᠡ ᠬᠤᠰᠢᠭᠤ ᠰᠢᠶᠠᠨ ᠲᠣᠭᠤᠷᠢᠭ ᠣᠳᠣᠬᠠᠨ ᠤ ᠴᠡᠭᠴᠡᠯᠡᠨ ᠵᠠᠰᠠᠬᠤ ᠠᠬᠢᠴᠠ᠂ ᠣᠷᠣᠰᠢᠵᠤ ᠪᠠᠢᠭ᠎ᠠ ᠠᠰᠠᠭᠤᠳᠠᠯ᠂ ᠬᠦᠴᠢᠷᠳᠡᠯ ᠪᠣᠯᠤᠨ ᠲᠠᠷᠠᠭᠠᠴᠢ ᠶ᠋ᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠳᠤ ᠴᠢᠭᠯᠡᠭᠦᠯᠦᠨ ᠬᠠᠷᠢᠭᠤ ᠮᠡᠳᠡᠭᠦᠯᠦᠯᠲᠡ ᠬᠢᠪᠡ᠃ ᠡᠭᠦᠨ ᠠᠴᠠ ᠭᠠᠳᠠᠨ᠎ᠠ᠂ ᠬᠤᠷᠠᠯ ᠠᠴᠠ ᠤᠢ ᠰᠢᠭᠤᠢ ᠡᠪᠡᠰᠦ ᠪᠡᠯᠴᠢᠭᠡᠷ ᠢ ᠡᠵᠡᠯᠡᠬᠦ ᠠᠰᠠᠭᠤᠳᠠᠯ ᠳᠤ ᠬᠤᠯᠪᠣᠭᠳᠠᠭᠰᠠᠨ ᠠᠰᠠᠭᠤᠳᠠᠯ ᠢ ᠰᠶᠢᠳᠪᠦᠷᠢᠯᠡᠬᠦ᠂ ᠬᠠᠶᠠᠭᠳᠠᠮᠠᠯ ᠠᠭᠤᠷᠬᠠᠢ ᠶ᠋ᠢᠨ ᠨᠦᠬᠡ ᠶ᠋ᠢ ᠵᠢᠭᠰᠠᠭᠠᠨ ᠪᠠᠢᠴᠠᠭᠠᠵᠤ ᠪᠢᠲᠡᠭᠦᠮᠵᠢᠯᠡᠨ ᠪᠥᠭᠯᠡᠬᠦ ᠶ᠋ᠢ ᠴᠡᠭᠴᠡᠯᠡᠨ ᠵᠠᠰᠠᠬᠤ᠂ ᠣᠷᠣᠰᠢᠭᠤᠯᠭ᠎ᠠ ᠶ᠋ᠢᠨ ᠲᠥᠬᠦᠭᠡᠷᠦᠮᠵᠢ ᠶ᠋ᠢᠨ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠠᠰᠠᠭᠤᠳᠠᠯ ᠢ ᠴᠡᠭᠴᠡᠯᠡᠨ ᠵᠠᠰᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠳᠤ ᠵᠡᠷᠭᠡᠪᠡᠷ ᠪᠠᠢᠷᠢᠯᠠᠭᠤᠯᠤᠯᠲᠠ ᠬᠢᠵᠡᠢ᠃
ᠬᠤᠷᠠᠯ ᠠᠴᠠ᠂ ᠨᠢᠭᠡ ᠳᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠴᠡᠭᠴᠡᠯᠡᠨ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ ᠨᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠦᠳᠲᠡᠷ ᠲᠦᠷᠭᠡᠨ ᠳᠡᠪᠰᠢᠭᠦᠯᠵᠦ ᠲᠤᠰᠬᠠᠢ ᠰᠡᠳᠦᠪ ᠢᠶᠠᠷ ᠰᠤᠳᠤᠯᠤᠨ ᠲᠣᠬᠢᠷᠠᠭᠤᠯᠵᠤ᠂ ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠤᠨ《ᠲᠥᠯᠦᠪᠵᠢᠭᠦᠯᠭᠡ ᠲᠣᠳᠤᠷᠬᠠᠶᠢᠯᠠᠨ ᠪᠠᠢᠯᠳᠤᠵᠤ》᠂ ᠬᠠᠷᠢᠭᠤᠴᠠᠯᠭᠠᠲᠤ ᠨᠢᠭᠡᠴᠢ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠢᠢᠯᠠᠬᠤ ᠬᠡᠷᠡᠭᠲᠡᠢ︔ ᠬᠣᠶᠠᠷ ᠲᠤ᠂ ᠰᠠᠯᠠᠭ᠎ᠠ ᠭᠡᠷ ᠤᠨ ᠪᠣᠭᠣᠮᠲᠠ ᠰᠢᠪᠲᠤᠯᠬᠤ ᠵᠢᠯᠣᠭᠣᠳᠣᠯᠭ᠎ᠠ ᠶ᠋ᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠭᠡᠷ ᠨᠢ ᠲᠤᠬᠠᠢᠯᠠᠭᠰᠠᠨ ᠠᠵᠢᠯ ᠤᠨ ᠵᠢᠯᠣᠭᠣᠳᠣᠯᠭ᠎ᠠ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠵᠢᠯ ᠤᠨ ᠡᠮᠦᠨᠡᠬᠢ 2 ᠰᠠᠷ᠎ᠠ ᠶ᠋ᠢ ᠠᠰᠢᠭᠯᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠠᠰᠠᠭᠤᠳᠠᠯ ᠢ《ᠡᠴᠦᠰ ᠲᠤᠨᠢ ᠲᠤᠯᠲᠠᠯ᠎ᠠ ᠰᠶᠢᠳᠪᠦᠷᠢᠯᠡᠬᠦ》 ᠶ᠋ᠢ ᠠᠬᠢᠭᠤᠯᠵᠤ ᠂ ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠰᠢᠯᠭᠠᠨ ᠬᠢᠨᠠᠬᠤ ᠳᠤ ᠰᠠᠭᠤᠷᠢ ᠶ᠋ᠢ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠣᠰ ᠤᠳᠠᠭᠠᠨ ᠤ ᠬᠤᠷᠠᠯ ᠬᠤᠷᠠᠯᠳᠤᠭᠰᠠᠨ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ ᠲᠣᠳᠣᠷᠬᠠᠢᠢᠯᠠᠨ᠂ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ᠂ ᠬᠤᠲᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤᠨ ᠲᠣᠪᠴᠢᠶ᠎ᠠ ᠶ᠋ᠢᠨ ᠣᠨ ᠤ ᠭᠤᠤᠯᠳᠠᠯᠭ᠎ᠠ ᠪᠣᠯᠬᠤ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ᠂ ᠪᠠᠢᠭᠠᠯᠢ ᠶ᠋ᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠢᠢᠨ᠎ᠠ᠃