ᠵᠤᠬᠢᠶᠠᠭᠴᠢ:
ᠴᠠᠭ:2025-12-08
ᠥᠵᠡᠭᠰᠡᠨ : ℃
ᠢᠷᠡᠯᠲᠡ:
ᠪᠦᠬᠦ ᠬᠤᠲᠠ ᠶ᠋ᠢᠨ ᠦᠨᠳᠦᠰᠦᠲᠡᠨ ᠤ ᠠᠵᠢᠯ ᠢ ᠠᠬᠢᠭᠤᠯᠬᠤ ᠬᠤᠷᠠᠯ ᠵᠢᠴᠢ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠬᠦ ᠭᠡᠰᠢᠭᠦᠳ ᠤᠨ ᠬᠤᠷᠠᠯ ᠬᠤᠷᠠᠯᠳᠤᠪᠠ
2025 11 ᠳ᠋ᠤᠭᠡᠷ ᠰᠠᠷ᠎ᠠ ᠶ᠋ᠢᠨ 27 ᠤ ᠡᠳᠦᠷ᠂ ᠪᠥᠬᠦ ᠬᠤᠲᠠ ᠶ᠋ᠢᠨ ᠦᠨᠳᠦᠰᠦᠲᠡᠨ ᠤ ᠠᠵᠢᠯ ᠢ ᠠᠬᠢᠭᠤᠯᠬᠤ ᠬᠤᠷᠠᠯ ᠵᠢᠴᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠬᠤᠷᠠᠯᠳᠤᠭᠤᠯᠵᠤ᠂ ᠬᠤᠲᠠ ᠶ᠋ᠢᠨ ᠨᠠᠮ ᠤᠨ ᠬᠤᠷᠢᠶᠠᠨ ᠤ ᠪᠠᠢᠩᠭᠤ ᠶ᠋ᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠡᠯ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶ᠋ᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶ᠋ᠢᠨ ᠳᠠᠷᠤᠭ᠎ᠠ ᠵᠠᠩ ᠪᠢᠨ ᠬᠤᠷᠠᠯ ᠢ ᠡᠷᠭᠢᠯᠡᠪᠡ᠃
ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠪᠣᠯᠤᠨ ᠬᠤᠲᠠ ᠶ᠋ᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠢᠷᠡᠬᠦ ᠵᠢᠯ ᠪᠣᠯᠤᠨ ᠬᠤᠢᠰᠢᠳᠠ ᠶ᠋ᠢᠨ ᠨᠢᠭᠡ ᠬᠤᠭᠤᠴᠠᠭᠠᠨ ᠤ ᠳᠤᠮᠳᠠᠳᠤ ᠶ᠋ᠢᠨ ᠦᠨᠳᠦᠰᠦᠲᠡᠨ ᠤ ᠬᠠᠮᠲᠤ ᠶ᠋ᠢᠨ ᠴᠣᠭᠴᠠ ᠶ᠋ᠢᠨ ᠤᠬᠠᠮᠰᠠᠷ ᠢ ᠪᠠᠲᠤ ᠴᠣᠭᠴᠠᠯᠠᠬᠤ ᠭᠤᠤᠯ ᠢ ᠲᠤᠤᠱᠯᠠᠭᠤᠯᠬᠤ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠤᠤᠯ ᠤᠨ ᠠᠵᠢᠯ ᠢ ᠪᠥᠬᠦ ᠬᠤᠲᠠ ᠶ᠋ᠢᠨ ᠠᠵᠤ ᠠᠬᠤᠶ ᠨᠡᠢᠭᠡᠮ ᠤᠨ ᠴᠢᠨᠠᠷ ᠰᠠᠢᠢᠲᠠᠶ ᠬᠥᠭᠵᠢᠯᠲᠡ ᠲᠠᠢ ᠭᠦᠨᠵᠡᠭᠡᠶ ᠠᠭᠤᠰᠤᠯᠴᠠᠬᠤ᠂ ᠵᠡᠷᠭᠡ ᠪᠠᠷ ᠬᠥᠭᠵᠢᠬᠦ᠂ ᠵᠡᠷᠭᠡ ᠪᠠᠷ ᠬᠦᠴᠦᠯᠡᠬᠦ ᠶ᠋ᠢ ᠠᠬᠢᠭᠤᠯᠬᠤ ᠬᠡᠷᠡᠭᠲᠡᠶ᠃ ᠣᠳᠣᠬᠢ ᠱᠠᠲᠤ ᠦᠶ᠎ᠡ ᠶ᠋ᠢᠨ ᠬᠤᠲᠠ ᠶ᠋ᠢᠨ ᠦᠨᠳᠦᠰᠦᠲᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶ᠋ᠢ ᠣᠨᠣᠪᠴᠢᠲᠠᠶ ᠡᠵᠡᠮᠳᠡᠵᠦ᠂ ᠣᠳᠣᠬᠠᠨ ᠳᠤ ᠲᠤᠯᠭᠠᠷᠠᠵᠤ ᠪᠠᠢᠭ᠎ᠠ ᠪᠠᠢᠳᠠᠯ ᠡᠭᠦᠷᠭᠡ ᠶ᠋ᠢ ᠭᠦᠨᠵᠡᠭᠡᠶ ᠵᠠᠳᠠᠯᠵᠤ᠂ ᠬᠤᠲᠠ ᠶ᠋ᠢᠨ ᠦᠨᠳᠦᠰᠦᠲᠡᠨ ᠤ ᠠᠵᠢᠯ ᠤᠨ ᠥᠪᠡᠷᠲᠡᠭᠡᠨ ᠵᠠᠰᠠᠬᠤ ᠣᠷᠣᠨ ᠳᠤ ᠲᠦᠷᠦᠭᠦᠯᠡᠵᠦ᠂ ᠥᠯᠢᠭᠡᠷ ᠳᠠᠭᠤᠷᠢᠶᠠᠯ ᠪᠣᠯᠬᠤ ᠶ᠋ᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ 2025 ᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶ᠋ᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠢᠳᠠᠯ ᠢ ᠮᠡᠳᠡᠭᠳᠡᠵᠦ᠂ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ᠂ ᠬᠤᠲᠠ ᠶ᠋ᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶ᠋ᠢᠨ ᠬᠠᠤᠯᠢ ᠴᠠᠭᠠᠵᠠ ᠶ᠋ᠢᠨ ᠲᠣᠪᠴᠢᠶ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃