ᠵᠤᠬᠢᠶᠠᠭᠴᠢ:
ᠴᠠᠭ:2025-12-12
ᠥᠵᠡᠭᠰᠡᠨ : ℃
ᠢᠷᠡᠯᠲᠡ:
ᠮᠠᠨ ᠤ ᠬᠤᠲᠠ 27079 ᠡᠷᠦᠬᠡ ᠬᠦᠴᠢᠷᠳᠡᠯᠲᠡᠶ ᠣᠯᠠᠨ ᠲᠦᠮᠡᠨ ᠳᠤ 1780.68 ᠲᠦᠮᠡᠨ ᠲᠥᠭᠦᠷᠢᠭ ᠤᠨ ᠳᠤᠯᠠᠭᠠᠯᠠᠭ᠎ᠠ ᠶ᠋ᠢᠨ ᠨᠥᠬᠦᠪᠥᠷᠢ ᠣᠯᠭᠤᠵᠤ ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠡᠪᠦᠯᠵᠢᠬᠦ
ᠬᠦᠴᠢᠷᠳᠡᠯᠲᠡᠢ ᠣᠯᠠᠨ ᠲᠦᠮᠡᠨ ᠤ ᠳᠤᠯᠠᠭᠠᠨ ᠡᠪᠦᠯᠵᠢᠬᠦ ᠶ᠋ᠢ ᠪᠠᠲᠤᠯᠠᠬᠤ ᠶ᠋ᠢᠨ ᠲᠥᠯᠥᠭᠡ᠂ ᠪᠤᠭᠤᠲᠤ ᠬᠣᠲᠠ ᠶ᠋ᠢᠨ ᠠᠷᠠᠳ ᠤᠨ ᠶᠠᠪᠤᠳᠠᠯ ᠤᠨ ᠲᠣᠪᠴᠢᠶ᠎ᠠ ᠣᠨᠴᠠᠭᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ 《ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢ ᠬᠠᠶᠢᠷᠠᠯᠠᠬᠤ》 ᠠᠵᠢᠯ ᠤᠨ ᠣᠨᠣᠯᠵᠢᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠬᠤᠰᠢᠭᠤ ᠰᠢᠶᠠᠨ ᠲᠣᠭᠣᠷᠢᠭ ᠤᠨ ᠬᠣᠲᠠ ᠬᠥᠳᠡᠭᠡ ᠶ᠋ᠢᠨ ᠨᠠᠭᠠᠳᠤ ᠵᠠᠬ᠎ᠠ ᠶ᠋ᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ ᠪᠣᠯᠤᠨ ᠣᠨᠴᠠ ᠬᠦᠴᠢᠷᠳᠡᠯᠲᠡᠢ ᠬᠥᠮᠦᠰ ᠤᠨ ᠳᠤᠯᠠᠭᠠᠯᠠᠭ᠎ᠠ ᠶ᠋ᠢᠨ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠶ᠋ᠢ ᠵᠢᠯᠤᠭᠤᠳᠪᠠ᠃ 《〉 ᠪᠤᠭᠤᠲᠤ ᠬᠤᠲᠠ ᠶ᠋ᠢᠨ ᠠᠮᠢᠳᠤᠷᠠᠯ ᠤᠨ ᠨᠠᠭᠠᠳᠤ ᠵᠠᠬ᠎ᠠ ᠶ᠋ᠢᠨ ᠪᠠᠲᠤᠯᠠᠭ᠎ᠠ ᠶ᠋ᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ 〈ᠶ᠋ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶ᠋ᠢᠨ ᠠᠷᠠᠳ ᠤᠨ ᠶᠠᠪᠤᠳᠠᠯ ᠤᠨ ᠲᠣᠪᠴᠢᠶ᠎ᠠ ᠶ᠋ᠢᠨ ᠮᠡᠳᠡᠭᠳᠡᠯ》 ︵ᠪᠣᠭᠤᠲᠤ ᠠᠷᠠᠳ ᠲᠠᠷᠬᠠᠭᠠᠭᠰᠠᠨ ﹇2024﹈ 39 ᠳ᠋ᠤᠭᠡᠷ ᠲᠣᠭᠠᠲᠤ︶ ᠵᠢᠴᠢ 《ᠬᠤᠲᠠ ᠬᠥᠳᠡᠭᠡ ᠶ᠋ᠢᠨ ᠨᠢᠭᠡᠳᠦᠯᠲᠡᠶ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠲᠤᠬᠠᠶ ᠪᠤᠭᠤᠲᠤ ᠬᠤᠲᠠ ᠶ᠋ᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ》︵ᠪᠤᠭᠤᠲᠤ ᠵᠠᠰᠠᠭ ᠲᠠᠷᠬᠠᠭᠠᠭᠰᠠᠨ ﹇2017﹈ 70 ᠳ᠋ᠤᠭᠠᠷ ᠲᠣᠭᠠᠲᠤ ︶ ᠤᠨ ᠲᠣᠭᠲᠠᠭᠠᠯ ᠢ ᠦᠨᠳᠦᠰᠦᠯᠡᠪᠡᠯ᠂ ᠳᠤᠯᠠᠭᠠᠯᠠᠭ᠎ᠠ ᠶ᠋ᠢᠨ ᠨᠥᠬᠦᠪᠥᠷᠢ ᠶ᠋ᠢᠨ ᠪᠠᠷᠢᠮᠵᠢᠶ᠎ᠠ᠄ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶ᠋ᠢᠨ ᠪᠠᠲᠤᠯᠠᠭ᠎ᠠ ᠬᠦᠷᠲᠡᠭᠰᠡᠳ ᠪᠠ ᠣᠨᠴᠠ ᠬᠦᠴᠢᠷᠳᠡᠯᠲᠡᠶ ᠬᠥᠮᠦᠰ ᠲᠤ ᠡᠷᠦᠬᠡ ᠪᠦᠷᠢ ᠳᠤ ᠵᠢᠯ ᠪᠦᠷᠢ 1200 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶ᠋ᠢᠨ ᠪᠠᠲᠤᠯᠠᠭ᠎ᠠ ᠬᠦᠷᠲᠡᠭᠰᠡᠳ ᠪᠠ ᠣᠨᠴᠠ ᠬᠦᠴᠢᠷᠳᠡᠯᠲᠡᠶ ᠬᠥᠮᠦᠰ ᠲᠤ ᠡᠷᠦᠬᠡ ᠪᠦᠷᠢ ᠳᠤ ᠵᠢᠯ ᠪᠦᠷᠢ 400 ᠲᠥᠭᠦᠷᠢᠭ ᠥᠭᠭᠦᠨ᠎ᠡ᠃ ᠣᠲᠣ ᠪᠣᠯᠲᠠᠯ᠎ᠠ᠂ 27079 ᠡᠷᠦᠬᠡ ᠬᠤᠲᠠ ᠬᠥᠳᠡᠭᠡ ᠶ᠋ᠢᠨ ᠨᠠᠭᠠᠳᠤ ᠵᠠᠬ᠎ᠠ ᠶ᠋ᠢᠨ ᠪᠠᠲᠤᠯᠠᠭ᠎ᠠ ᠶ᠋ᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠲᠤ 1780.68 ᠲᠦᠮᠡᠨ ᠲᠥᠭᠦᠷᠢᠭ ᠤᠨ ᠳᠤᠯᠠᠭᠠᠯᠠᠭ᠎ᠠ ᠶ᠋ᠢᠨ ᠨᠥᠬᠦᠪᠥᠷᠢ ᠣᠯᠭᠤᠵᠤ᠂ ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠡᠪᠦᠯᠵᠢᠬᠦ ᠃