ᠵᠤᠬᠢᠶᠠᠭᠴᠢ:
ᠴᠠᠭ:2026-01-06
ᠥᠵᠡᠭᠰᠡᠨ : ℃
ᠢᠷᠡᠯᠲᠡ:
ᠪᠤᠭᠤᠲᠤ ᠬᠤᠲᠠ ᠶ᠋ᠢᠨ ᠬᠢᠨᠠᠨ ᠪᠤᠳᠤᠬᠤ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠠᠯᠠᠮᠰᠢᠯ ᠤᠲᠠᠰᠤ ᠪᠠᠷ ᠭᠦᠢᠴᠡᠳᠭᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶ᠋ᠢ ᠬᠦᠴᠦᠯᠡᠨ ᠠᠬᠢᠭᠤᠯᠪᠠ
ᠬᠠᠯᠠᠮᠰᠢᠯ ᠤᠲᠠᠰᠤ ᠪᠠᠷ ᠭᠦᠢᠴᠡᠳᠭᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶ᠋ᠢᠨ ᠲᠥᠯᠥᠭᠡ᠂ ᠪᠤᠭᠤᠲᠤ ᠬᠤᠲᠠ ᠶ᠋ᠢᠨ ᠬᠢᠨᠠᠨ ᠪᠤᠳᠤᠬᠤ ᠲᠣᠪᠴᠢᠶ᠎ᠠ ᠢᠳᠡᠪᠬᠢᠲᠡᠶ ᠪᠠᠷ ᠰᠦᠪᠡᠭᠴᠢᠯᠡᠨ ᠰᠢᠨ᠎ᠡ ᠶ᠋ᠢ ᠡᠭᠦᠳᠴᠦ᠂ ᠭᠦᠢᠴᠡᠳᠭᠡᠬᠦ ᠶᠠᠪᠤᠴᠠ ᠶ᠋ᠢ ᠨᠠᠷᠢᠯᠢᠭ ᠵᠠᠳᠠᠯᠵᠤ ᠭᠤᠷᠪᠠᠨ ᠵᠠᠩᠭᠢᠯᠠᠭ᠎ᠠ ᠶ᠋ᠢᠨ ᠭᠤᠭᠴᠤᠭ᠎ᠠ ᠪᠣᠯᠭᠠᠬᠤ ᠶ᠋ᠢᠨ ᠬᠠᠮᠲᠤ ᠭᠤᠷᠪᠠᠨ ᠵᠦᠢᠯ ᠤᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶ᠋ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠬᠠᠯᠠᠮᠰᠢᠯ ᠤᠲᠠᠰᠤ ᠪᠠᠷ ᠭᠦᠢᠴᠡᠳᠭᠡᠬᠦ ᠠᠵᠢᠯ ᠤᠨ ᠥᠨᠳᠥᠷ ᠪᠦᠲᠦᠮᠵᠢᠲᠡᠶ ᠠᠵᠢᠯᠯᠠᠭᠠᠨ ᠢ ᠬᠦᠴᠦᠲᠡᠶ ᠠᠬᠢᠭᠤᠯᠵᠤ᠂ ᠣᠯᠠᠨ ᠲᠦᠮᠡᠨ ᠤ ᠠᠩᠬᠠᠷᠴᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨ ᠬᠦ ᠰᠶᠢᠳᠪᠦᠷᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
ᠨᠢᠭᠡ ᠳᠤ᠂ ᠲᠥᠷᠥᠯ ᠬᠤᠪᠢᠶᠠᠬᠤ ᠪᠠᠷᠢᠮᠵᠢᠶ᠎ᠠ ᠶ᠋ᠢ ᠂ ᠪᠢᠲᠡᠭᠦᠮᠵᠢᠯᠡᠭᠰᠡᠨ ᠬᠠᠷᠢᠭᠤᠴᠠᠯᠭ᠎ᠠ ᠶ᠋ᠢᠨ ᠲᠣᠭᠲᠠᠯᠴᠠᠭ᠎ᠠ ᠶ᠋ᠢ ᠃ ᠨᠠᠷᠢᠯᠢᠭ ᠣᠨᠣᠪᠴᠢᠲᠠᠢ ᠲᠥᠷᠥᠯ ᠬᠤᠪᠢᠶᠠᠭᠰᠠᠨ ᠰᠠᠭᠤᠷᠢᠨ ᠳᠡᠭᠡᠷ᠎ᠡ᠂ ᠠᠰᠠᠭᠤᠳᠠᠯ ᠢ ᠲᠥᠷᠥᠯ ᠬᠤᠪᠢᠶᠠᠬᠤ ᠪᠠᠷᠢᠮᠵᠢᠶ᠎ᠠ ᠶ᠋ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶ᠋ᠢ ᠠᠰᠠᠭᠤᠨ ᠯᠠᠪᠯᠠᠬᠤ ᠲᠥᠷᠥᠯ᠂ ᠲᠤᠰᠠᠯᠠᠮᠵᠢ ᠭᠤᠶᠤᠴᠢᠯᠠᠬᠤ ᠲᠥᠷᠥᠯ᠂ ᠵᠠᠭᠠᠯᠳᠤᠯᠭ᠎ᠠ ᠶ᠋ᠢᠨ ᠲᠥᠷᠥᠯ᠂ ᠰᠠᠨᠠᠭᠤᠯᠭ᠎ᠠ ᠶ᠋ᠢᠨ ᠲᠥᠷᠥᠯ ᠵᠡᠷᠭᠡ ᠳᠥᠷᠪᠡᠨ ᠶᠡᠭᠡ ᠲᠥᠷᠥᠯ ᠪᠣᠯᠭᠠᠨ ᠰᠢᠰᠲᠸᠮ ᠲᠠᠢ ᠬᠤᠪᠢᠶᠠᠬᠤ ᠶ᠋ᠢᠨ ᠬᠠᠮᠲᠤ ᠲᠥᠷᠥᠯ ᠪᠦᠷᠢ ᠶ᠋ᠢᠨ ᠠᠰᠠᠭᠤᠳᠠᠯ ᠳᠤ ᠴᠢᠭᠯᠡᠭᠦᠯᠦᠨ ᠪᠠᠷᠢᠮᠵᠢᠶᠠᠵᠢᠭᠤᠯᠤᠨ ᠰᠶᠢᠳᠪᠦᠷᠢᠯᠡᠬᠦ ᠶᠠᠪᠤᠴᠠ ᠶ᠋ᠢ ᠲᠣᠭᠲᠠᠭᠠᠪᠠ᠃《ᠠᠩᠬ᠎ᠠ ᠬᠦᠯᠢᠶᠡᠨ ᠠᠪᠬᠤ ᠬᠠᠷᠢᠭᠤᠴᠠᠯᠭ᠎ᠠ ᠶ᠋ᠢᠨ ᠳᠦᠷᠢᠮ》ᠪᠠ《ᠴᠠᠭ ᠬᠢᠵᠠᠭᠠᠷᠯᠠᠨ ᠰᠢᠯᠵᠢᠭᠦᠯᠦᠨ ᠭᠦᠢᠴᠡᠳᠬᠡᠬᠦ ᠳᠦᠷᠢᠮ》 ᠢ ᠂ ᠠᠵᠢᠯ ᠤᠨ ᠳᠠᠩᠰᠠ ᠶ᠋ᠢ ᠬᠦᠯᠢᠶᠡᠨ ᠠᠪᠤᠭᠰᠠᠨ ᠤ ᠳᠠᠷᠠᠭ᠎ᠠ 1ᠴᠠᠭ ᠤᠨ ᠳᠣᠲᠣᠷ᠎ᠠ ᠲᠥᠷᠥᠯ ᠬᠤᠪᠢᠶᠠᠬᠤ ᠶ᠋ᠢᠨ ᠬᠠᠮᠲᠤ ᠬᠠᠷᠢᠭᠤᠴᠠᠯᠭ᠎ᠠ ᠶ᠋ᠢᠨ ᠰᠠᠯᠠᠭ᠎ᠠ ᠲᠠᠰᠤᠭ ᠲᠤ ᠰᠢᠯᠵᠢᠭᠦᠯᠬᠦ ᠶ᠋ᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠨᠠᠷᠢᠨ ᠪᠤᠳᠤᠯᠢᠶᠠᠨᠲᠠᠶ ᠠᠰᠠᠭᠤᠳᠠᠯ ᠢ ᠵᠥᠪᠳᠡᠯᠴᠡᠬᠦ ᠲᠣᠭᠲᠠᠴᠠ ᠶ᠋ᠢᠨ ᠰᠢᠨ᠎ᠡ ᠶ᠋ᠢ ᠡᠭᠦᠳᠦᠨ ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠬᠦᠴᠢᠷ ᠲᠦᠪᠡᠭᠲᠡᠶ ᠭᠤᠮᠣᠳᠠᠯ ᠱᠠᠭᠠᠷᠳᠠᠯᠭ᠎ᠠ ᠶ᠋ᠢ ᠬᠤᠪᠢᠳᠠᠨ ᠬᠠᠮᠢᠶᠠᠷᠴᠤ ᠤᠳᠤᠷᠢᠳᠤᠯᠭ᠎ᠠ ᠠᠴᠠ ᠲᠦᠷᠦᠭᠦᠯᠡᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠭᠤᠤᠯᠯᠠᠨ ᠡᠷᠬᠢᠯᠡᠬᠦ ᠰᠠᠯᠠᠭ᠎ᠠ ᠲᠠᠰᠤᠭ ᠪᠠ ᠬᠠᠮᠵᠢᠯᠴᠠᠨ ᠭᠦᠢᠴᠡᠳᠭᠡᠬᠦ ᠰᠠᠯᠠᠭ᠎ᠠ ᠲᠠᠰᠤᠭ ᠢ ᠲᠣᠳᠣᠷᠬᠠᠢᠯᠠᠵᠤ᠂《ᠲᠥᠷᠥᠯ ᠬᠤᠪᠢᠶᠠᠨ ᠨᠠᠷᠢᠯᠢᠭ ᠣᠨᠣᠪᠴᠢᠲᠠᠶ᠂ ᠬᠠᠷᠢᠭᠤᠴᠠᠯᠭ᠎ᠠ ᠲᠣᠳᠣᠷᠬᠠᠶ᠂ ᠬᠠᠮᠵᠢᠯᠴᠠᠨ ᠥᠨᠳᠥᠷ ᠪᠦᠲᠦᠮᠵᠢᠲᠡᠶ 》ᠠᠵᠢᠯ ᠤᠨ ᠢ ᠪᠣᠶ ᠪᠣᠯᠭᠠᠵᠤ᠂ ᠠᠰᠠᠭᠤᠳᠠᠯ ᠢ ᠰᠶᠢᠳᠪᠦᠷᠢᠯᠡᠬᠦ ᠪᠥᠬᠦ ᠴᠤᠪᠤᠷᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶ᠋ᠢ ᠪᠡᠶᠡᠯᠡᠭᠦᠯᠪᠡ᠃
ᠬᠤᠶᠠᠷ ᠲᠤ᠂ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶ᠋ᠢ ᠪᠦᠷᠢᠨᠰᠢᠬᠦᠯᠵᠦ᠂ ᠶᠠᠪᠤᠴᠠ ᠶ᠋ᠢᠨ ᠨᠠᠷᠢᠯᠢᠭ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠪᠥᠬᠦ ᠶᠠᠪᠤᠴᠠ ᠶ᠋ᠢ ᠮᠥᠷᠳᠡᠭᠰᠡᠨ ᠰᠠᠭᠤᠷᠢᠨ ᠳᠡᠭᠡᠷ᠎ᠡ᠂《ᠭᠤᠷᠪᠠᠨ ᠥᠩᠭᠡ ᠶ᠋ᠢᠨ ᠰᠡᠷᠡᠮᠵᠢᠯᠡᠭᠦᠯᠬᠦ》ᠱᠠᠯᠠᠪᠳᠠᠭᠤᠯᠤᠨ ᠭᠦᠢᠴᠡᠳᠭᠡᠬᠦ ᠲᠣᠭᠲᠠᠴᠠ ᠶ᠋ᠢᠨ ᠰᠢᠨ᠎ᠡ ᠶ᠋ᠢ ᠡᠭᠦᠳᠦᠨ ᠂ ᠭᠦᠢᠴᠡᠳᠭᠡᠬᠦ ᠴᠠᠭ ᠤᠨ ᠬᠢᠵᠠᠭᠠᠷ ᠢ ᠦᠨᠳᠦᠰᠦᠯᠡᠨ ᠠᠵᠢᠯ ᠤᠨ ᠳᠠᠩᠰᠠ ᠶ᠋ᠢ ᠨᠣᠭᠤᠭᠠᠨ᠂ ᠰᠢᠷ᠎ᠠ᠂ ᠤᠯᠠᠭᠠᠨ ᠭᠤᠷᠪᠠᠨ ᠥᠩᠭᠡ ᠪᠠᠷ ᠲᠣᠳᠣᠷᠬᠠᠢᠯᠠᠵᠤ᠂ ᠱᠠᠲᠤ ᠬᠤᠪᠢᠶᠠᠨ ᠰᠡᠷᠡᠮᠵᠢᠯᠡᠭᠦᠯᠬᠦ ᠬᠠᠮᠢᠶᠠᠷᠤᠯᠲᠠ ᠶ᠋ᠢ ᠬᠡᠷᠡᠭᠵᠢᠭᠦᠯᠪᠡ᠃ 《ᠡᠳᠦᠷ ᠲᠤ ᠰᠠᠨᠠᠭᠤᠯᠬᠤ᠂ ᠭᠠᠷᠠᠭ ᠲᠤ ᠵᠠᠷᠯᠠᠨ ᠮᠡᠳᠡᠭᠳᠡᠬᠦ᠂ ᠰᠠᠷ᠎ᠠ ᠳᠤ ᠵᠠᠳᠠᠯᠬᠤ》ᠲᠦᠷᠢᠮ ᠢ ᠢᠵᠢ ᠪᠦᠷᠢᠳᠦᠭᠦᠯᠦᠨ ᠂ ᠲᠦᠷ ᠴᠠᠭ ᠤᠨ ᠠᠵᠢᠯ ᠤᠨ ᠳᠠᠩᠰᠠ ᠳ᠋ᠤ᠌ ᠡᠳᠦᠷ ᠪᠦᠷᠢ ᠰᠠᠨᠠᠭᠤᠯᠵᠤ᠂ ᠭᠠᠷᠠᠭ ᠪᠦᠷᠢ ᠡᠯ᠎ᠡ ᠰᠠᠯᠠᠭ᠎ᠠ ᠲᠠᠰᠤᠭ ᠤᠨ ᠭᠦᠢᠴᠡᠳᠬᠡᠭᠰᠡᠨ ᠢ ᠵᠠᠷᠯᠠᠨ ᠮᠡᠳᠡᠭᠳᠡᠵᠦ᠂ ᠰᠠᠷ᠎ᠠ ᠪᠦᠷᠢ ᠪᠦᠬᠦᠯᠢ ᠴᠣᠭᠴᠠ ᠶ᠋ᠢᠨ ᠠᠵᠢᠯ ᠢ ᠪᠥᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠨ᠎ᠠ᠃ ᠡᠭᠦᠨ ᠤ ᠬᠠᠮᠲᠤ᠂ ᠬᠠᠯᠠᠮᠰᠢᠯ ᠤᠲᠠᠰᠤ ᠪᠠᠷ ᠭᠦᠢᠴᠡᠳᠭᠡᠬᠦ ᠲᠤᠰᠬᠠᠶ ᠠᠵᠢᠯ ᠤᠨ ᠪᠠᠢᠷᠢ ᠭᠠᠷᠭᠠᠵᠤ᠂ ᠭᠤᠤᠯᠳᠠᠯᠭ᠎ᠠ ᠪᠣᠯᠬᠤ ᠬᠦᠴᠢᠷ ᠠᠰᠠᠭᠤᠳᠠᠯ ᠳᠤ《ᠨᠢᠭᠡ ᠳᠤ ᠨᠢᠭᠡ ᠪᠠᠷ ᠬᠠᠷᠭᠤᠭᠤᠯᠬᠤ》ᠮᠥᠷᠳᠡᠨ ᠵᠢᠯᠣᠭᠤᠳᠬᠤ ᠶ᠋ᠢ ᠬᠡᠷᠡᠭᠵᠢᠭᠦᠯᠵᠦ᠂ ᠰᠢᠮᠳᠠᠭᠤᠯᠤᠨ ᠭᠦᠢᠴᠡᠳᠬᠡᠬᠦ ᠬᠠᠭᠤᠳᠠᠰᠤ ᠪᠠᠭᠤᠯᠭᠠᠬᠤ᠂ ᠲᠤᠬᠠᠶ ᠶ᠋ᠢᠨ ᠲᠠᠯᠠᠪᠤᠷ ᠤᠨ ᠵᠣᠬᠢᠴᠠᠭᠤᠯᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠦᠭᠵᠢᠷᠡᠯ ᠢ ᠴᠠᠭ ᠲᠤᠬᠠᠶ ᠳᠤᠨᠢ ᠨᠡᠪᠲᠡᠷᠡᠭᠦᠯᠵᠦ᠂ ᠲᠥᠬᠦᠮ ᠠᠰᠠᠭᠤᠳᠠᠯ ᠢ 3 ᠡᠳᠦᠷ ᠤᠨ ᠳᠣᠲᠣᠷ᠎ᠠ ᠭᠦᠢᠴᠡᠳᠭᠡᠬᠦ᠂ ᠪᠤᠳᠤᠯᠢᠶᠠᠨᠲᠠᠶ ᠠᠰᠠᠭᠤᠳᠠᠯ ᠢ 15 ᠡᠳᠦᠷ ᠤᠨ ᠳᠣᠲᠣᠷ᠎ᠠ ᠱᠠᠲᠤ ᠴᠢᠨᠠᠷᠲᠠᠶ ᠦᠷ᠎ᠡ ᠪᠦᠲᠦᠭᠡᠯ ᠣᠯᠬᠤ ᠶ᠋ᠢ ᠪᠠᠲᠤᠯᠠᠵᠤ᠂ ᠰᠶᠢᠳᠪᠦᠷᠢᠯᠡᠬᠦ ᠶᠠᠪᠤᠴᠠ ᠶ᠋ᠢᠨ ᠪᠦᠷᠢᠨ ᠲᠣᠳᠣ᠂ ᠬᠦᠴᠦᠨ ᠲᠠᠢ ᠬᠤᠭᠤᠴᠠᠭ᠎ᠠ ᠶ᠋ᠢ ᠪᠦᠬᠦᠨ ᠢ ᠬᠠᠮᠢᠶᠠᠷᠤᠨ ᠡᠵᠡᠮᠳᠡᠬᠦ᠂ ᠶᠠᠰᠤ ᠴᠢᠨᠠᠷ ᠲᠤ ᠪᠥᠬᠦ ᠲᠠᠯ᠎ᠠ ᠪᠠᠷ ᠬᠢᠨᠠᠯᠲᠠ ᠲᠠᠯᠪᠢᠬᠤ ᠶ᠋ᠢ ᠪᠡᠶᠡᠯᠡᠭᠦᠯᠪᠡ᠃
ᠭᠤᠷᠪᠠ ᠳᠤ᠂ ᠬᠠᠷᠢᠭᠤ ᠲᠤᠰᠬᠠᠬᠤ ᠲᠣᠭᠲᠠᠴᠠ ᠶ᠋ᠢ ᠲᠡᠭᠦᠯᠳᠡᠷᠵᠢᠭᠦᠯᠵᠦ᠂ ᠬᠠᠨᠤᠮᠵᠢᠲᠠᠢ ᠦᠨᠡᠯᠡᠯᠲᠡ ᠶ᠋ᠢᠨ ᠲᠣᠭᠲᠠᠯᠴᠠᠭ᠎ᠠ ᠶ᠋ᠢ ᠪᠠᠶᠢᠭᠤᠯᠪᠠ᠃ ᠦᠷ᠎ᠡ ᠳ᠋ᠦᠩ ᠢ ᠬᠠᠷᠢᠭᠤ ᠲᠤᠰᠬᠠᠬᠤ ᠶ᠋ᠢ ᠴᠢᠩᠭᠠᠳᠬᠠᠭᠰᠠᠨ ᠰᠠᠭᠤᠷᠢᠨ ᠳᠡᠭᠡᠷ᠎ᠡ᠂ 《ᠬᠤᠤᠰ ᠬᠠᠷᠢᠭᠤ ᠰᠤᠷᠪᠤᠯᠵᠢᠯᠠᠬᠤ》ᠲᠦᠷᠢᠮ ᠢ ᠪᠠᠶᠢᠭᠤᠯᠪᠠ᠂ ᠰᠶᠢᠳᠪᠦᠷᠢᠯᠡᠵᠦ ᠳᠠᠭᠤᠰᠬᠠᠭᠰᠠᠨ ᠤ ᠳᠠᠷᠠᠭ᠎ᠠ ᠳᠠᠷᠦ᠋ᠢᠬᠠᠨ ᠵᠢᠷᠤᠮ ᠤᠨ ᠴᠢᠨᠠᠷᠲᠠᠶ ᠬᠠᠷᠢᠭᠤ ᠰᠤᠷᠪᠤᠯᠵᠢᠯᠠᠵᠤ᠂ ᠰᠶᠢᠳᠪᠦᠷᠢᠯᠡᠭᠰᠡᠨ ᠢ ᠬᠢᠨᠠᠨ ᠬᠠᠷᠭᠤᠭᠤᠯᠵᠤ᠂ ᠨᠢᠭᠡ ᠭᠠᠷᠠᠭ ᠤᠨ ᠳᠠᠷᠠᠭ᠎ᠠ ᠬᠠᠨᠤᠮᠵᠢ ᠶ᠋ᠢᠨ ᠬᠡᠮᠵᠢᠶ᠎ᠡ ᠶ᠋ᠢ ᠨᠢ ᠬᠠᠷᠢᠭᠤ ᠰᠤᠷᠪᠤᠯᠵᠢᠯᠠᠵᠤ᠂ ᠣᠯᠠᠨ ᠲᠦᠮᠡᠨ ᠤ ᠦᠨᠡᠨ ᠪᠣᠳᠠᠲᠠᠶ ᠦᠨᠡᠯᠡᠯᠲᠡ ᠶ᠋ᠢ ᠃《ᠬᠠᠨᠤᠮᠵᠢ ᠦᠭᠡᠢ ᠠᠵᠢᠯ ᠤᠨ ᠳᠠᠩᠰᠠ》ᠶ᠋ᠢᠨ ᠲᠠᠰ ᠳᠡᠪᠰᠢᠭᠦᠯᠦᠨ ᠳᠠᠬᠢᠨ ᠬᠢᠨᠠᠬᠤ ᠲᠣᠭᠲᠠᠴᠠ ᠶ᠋ᠢᠨ ᠰᠢᠨ᠎ᠡ ᠶ᠋ᠢ ᠡᠭᠦᠳᠴᠦ᠂ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠶᠠᠷ ᠱᠠᠲᠤᠨ ᠤ ᠬᠢᠨ ᠳᠠᠬᠢᠨ ᠬᠢᠨᠠᠵᠤ᠂ ᠦᠨᠡᠨ ᠬᠦ ᠬᠠᠨᠤᠮᠵᠢ ᠦᠭᠡᠢ᠂ ᠭᠦᠢᠴᠡᠳᠬᠡᠭᠰᠡᠨ ᠢᠶᠡᠷ ᠬᠦᠷᠦᠯᠴᠡᠬᠦ ᠦᠭᠡᠢ ᠠᠵᠢᠯ ᠤᠨ ᠳᠠᠩᠰᠠ ᠳᠤ ᠰᠢᠨ᠎ᠡ ᠪᠠᠷ ᠭᠦᠢᠴᠡᠳᠬᠡᠬᠦ ᠲᠠᠰ ᠳᠠᠷᠠᠭᠠᠯᠠᠯ ᠢ ᠡᠬᠢᠯᠡᠭᠦᠯᠪᠡ᠃ ᠡᠭᠦᠨ ᠤ ᠬᠠᠮᠲᠤ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠵᠠᠳᠠᠯᠵᠤ᠂ ᠲᠤᠰᠬᠠᠶ ᠰᠡᠳᠦᠪᠲᠦ ᠮᠡᠳᠡᠭᠦᠯᠦᠯᠲᠡ ᠶ᠋ᠢ ᠪᠣᠶ ᠪᠣᠯᠭᠠᠵᠤ᠂ ᠤᠳᠤᠷᠢᠳᠤᠯᠭ᠎ᠠ ᠶ᠋ᠢᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠪᠠ᠃ 《ᠬᠠᠷᠢᠭᠤ ᠲᠤᠰᠬᠠᠬᠤ ︱ ᠦᠨᠡᠯᠡᠬᠦ ︱ ᠴᠡᠭᠴᠡᠯᠡᠨ ︱ᠳᠡᠭᠡᠭᠰᠢᠯᠡᠭᠦᠯᠬᠦ》 ᠡᠷᠭᠢᠯᠲᠡ ᠶ᠋ᠢᠨ ᠲᠣᠭᠲᠠᠴᠠ ᠶ᠋ᠢ ᠪᠠᠷ ᠳᠠᠮᠵᠢᠭᠤᠯᠤᠨ᠂ ᠬᠠᠯᠠᠮᠰᠢᠯ ᠤᠲᠠᠰᠤ ᠪᠠᠷ ᠭᠦᠢᠴᠡᠳᠭᠡᠬᠦ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠃