ᠵᠤᠬᠢᠶᠠᠭᠴᠢ:
ᠴᠠᠭ:2022-03-04
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠥᠬᠡᠬᠤᠲᠠ ᠶᠢᠨ ᠡᠯ᠎ᠡ ᠲᠥᠷᠥᠯ ᠤᠨ ᠠᠮᠢᠳᠤᠷᠠᠯ ᠤᠨ ᠡᠳ᠋ ᠪᠠᠷᠠᠭᠠᠨ ᠤ ᠨᠥᠭᠡᠴᠡᠯᠡᠯ ᠪᠦᠷᠢᠨ ᠭᠦᠢᠴᠡᠳ ᠰᠢᠯᠵᠢᠭᠦᠯᠦᠨ ᠲᠡᠭᠡᠭᠡᠪᠦᠷᠢᠯᠡᠬᠦ ᠵᠠᠮ ᠱᠣᠭᠤᠮ ᠰᠠᠭᠠᠳ ᠦᠭᠡᠢ ᠨᠡᠪᠲᠡᠷᠡᠵᠦ ᠪᠤᠢ
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠬᠡᠬᠤᠲᠠ ᠶᠢᠨ ᠡᠯ᠎ᠡ ᠲᠥᠷᠥᠯ ᠤᠨ ᠠᠮᠢᠳᠤᠷᠠᠯ ᠤᠨ ᠡᠳ᠋ ᠪᠠᠷᠠᠭᠠᠨ ᠤ ᠢᠷᠡᠯᠲᠡ ᠭᠦᠢᠴᠡᠳ᠂ ᠲᠥᠷᠥᠯ ᠵᠦᠢᠯ ᠪᠦᠷᠢᠨ᠂ ᠰᠢᠯᠵᠢᠭᠦᠯᠦᠨ ᠲᠡᠭᠡᠭᠡᠪᠦᠷᠢᠯᠡᠬᠦ ᠵᠠᠮ ᠱᠣᠭᠤᠮ ᠰᠠᠭᠠᠳ ᠦᠭᠡᠢ ᠨᠡᠪᠲᠡᠷᠡᠵᠦ᠂ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠨ᠎ᠠ᠃
ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠠᠮᠢᠳᠤᠷᠠᠯ ᠤᠨ ᠡᠳ᠋ ᠪᠠᠷᠠᠭᠠᠨ ᠤ ᠬᠠᠩᠭᠠᠯᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠨ ᠰᠢᠨᠵᠢᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠣᠷᠤᠯᠠᠭᠤᠯᠭ᠎ᠠ ᠲᠠᠰᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠪᠤᠢ᠃
ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠲᠣᠮᠣ ᠬᠡᠯᠪᠡᠷᠢ ᠶᠢᠨ ᠵᠠᠬ᠎ᠠ ᠳᠡᠯᠭᠡᠭᠦᠷ᠂ ᠬᠡᠯᠬᠢᠶᠡᠵᠢᠭᠰᠡᠨ ᠬᠡᠳᠦ ᠳᠡᠯᠭᠡᠭᠦᠷ ᠵᠡᠷᠭᠡ ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ 15 ᠠᠵᠤ ᠠᠬᠤᠶᠢᠯᠠᠯ ᠤᠨ ᠡᠳᠦᠷ ᠪᠦᠷᠢ ᠶᠢᠨ ᠮᠡᠳᠡᠭᠦᠯᠦᠯᠳ᠋ᠨ ᠶᠢ ᠬᠢᠨᠠᠨ ᠰᠢᠨᠵᠢᠯᠡᠬᠦ ᠳᠦᠷᠢᠮ ᠢ ᠡᠬᠢᠯᠡᠭᠦᠯᠵᠦ᠂ ᠢᠳᠡᠰᠢᠨ ᠨᠣᠭᠤᠭ᠎ᠠ ᠵᠡᠷᠭᠡ 19 ᠵᠦᠢᠯ ᠤᠨ ᠭᠤᠣᠯᠳᠠᠯᠭ᠎ᠠ ᠲᠠᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠡᠳᠦᠷ ᠪᠦᠷᠢ ᠶᠢᠨ ᠣᠷᠣᠭᠤᠯᠬᠤ᠂ ᠪᠣᠷᠣᠯᠠᠭᠤᠯᠬᠤ ᠪᠠ ᠬᠠᠳᠠᠭᠠᠯᠠᠵᠤ ᠪᠠᠶᠢᠭ᠎ᠠ ᠪᠠᠶᠢᠳᠠᠯ ᠢ ᠴᠠᠭ ᠲᠤᠬᠠᠢ ᠳᠤ ᠨᠢ ᠬᠢᠨᠠᠨ ᠰᠢᠨᠵᠢᠯᠡᠵᠦ ᠪᠤᠢ᠃ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ 4 ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠡᠳᠦᠷ ᠳᠤᠮᠳᠠᠴᠢ ᠶᠢᠨ ᠢᠳᠡᠰᠢᠨ ᠨᠣᠭᠤᠭ᠎ᠠ ᠶᠢ ᠭᠠᠳᠠᠭᠰᠢ ᠢᠷᠡᠬᠦ ᠬᠡᠮᠵᠢᠶ᠎ᠡ ᠥᠩᠭᠡᠷᠡᠭᠰᠡᠨ ᠤ ᠬᠢ ᠠᠴᠠ ᠪᠠᠨ ᠴᠥᠮ ᠶᠡᠭᠡ ᠬᠡᠮᠵᠢᠶ᠎ᠡ ᠪᠠᠷ ᠨᠡᠮᠡᠭᠳᠡᠭᠰᠡᠨ ᠪᠥᠭᠡᠳ ᠵᠣᠬᠢᠬᠤ ᠲᠣᠭᠠᠨ ᠤ ᠲᠤᠬᠠᠢ ᠶᠢᠨ ᠭᠠᠵᠠᠷ ᠤᠨ ᠢᠳᠡᠰᠢᠨ ᠨᠣᠭᠤᠭ᠎ᠠ ᠶᠢ ᠨᠥᠬᠦᠪᠦᠷᠢᠯᠡᠵᠦ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠪᠠᠷᠠᠭᠠᠨ ᠤ ᠢᠷᠡᠯᠲᠡ ᠶᠢᠨ ᠵᠠᠮ ᠮᠥᠷ ᠰᠠᠭᠠᠳ ᠦᠭᠡᠢ ᠨᠡᠪᠲᠡᠷᠡᠵᠦ ᠪᠤᠢ᠃ ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ 4 ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠢᠳᠡᠰᠢᠨ ᠨᠣᠭᠤᠭ᠎ᠠ ᠶᠢᠨ ᠡᠳᠦᠷ ᠳᠤᠮᠳᠠᠴᠢ ᠶᠢᠨ ᠬᠡᠮᠵᠢᠶ᠎ᠡ 1200 ᠲᠣᠨ ᠣᠷᠴᠢᠮ ᠪᠠᠶᠢᠬᠤ ᠶᠢ ᠪᠠᠲᠤᠯᠠᠵᠤ᠂ ᠡᠭᠦᠨ ᠤ ᠳᠡᠭᠡᠷ᠎ᠡ ᠵᠠᠰᠠᠭ ᠤᠨ ᠣᠷᠳᠣᠨ ᠤ ᠢᠳᠡᠰᠢᠨ ᠨᠣᠭᠤᠭ᠎ᠠ ᠶᠢᠨ ᠨᠥᠭᠡᠴᠡ ᠶᠢ ᠨᠡᠮᠡᠪᠡᠯ᠂ ᠵᠠᠬ᠎ᠠ ᠳᠡᠯᠭᠡᠭᠦᠷ ᠤᠨ ᠣᠷᠴᠢᠮ ᠤᠨ 6 ᠡᠳᠦᠷ ᠤᠨ ᠬᠡᠪ ᠤᠨ ᠬᠠᠩᠭᠠᠯᠭ᠎ᠠ ᠶᠢ ᠪᠠᠲᠤᠯᠠᠵᠤ ᠴᠢᠳᠠᠨ᠎ᠠ︔ ᠠᠮᠤ ᠪᠤᠳᠠᠭ᠎ᠠ ᠭᠤᠯᠢᠷ ᠲᠣᠰᠣᠨ ᠤ ᠡᠳᠦᠷ ᠳᠤᠮᠳᠠᠴᠢ ᠶᠢᠨ ᠬᠡᠮᠵᠢᠶ᠎ᠡ ᠲᠤᠰ ᠲᠤᠰ 200 ᠭᠠᠷᠤᠢ ᠲᠣᠨ ᠪᠠᠶᠢᠵᠤ᠂ ᠬᠥᠮᠥᠷᠭᠡ ᠶᠢᠨ ᠬᠠᠳᠠᠭᠠᠯᠠᠮᠵᠢ ᠨᠢ 3 ᠰᠠᠷ᠎ᠠ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠡᠪ ᠤᠨ ᠬᠠᠩᠭᠠᠯᠭ᠎ᠠ ᠶᠢ ᠪᠠᠲᠤᠯᠠᠵᠤ ᠴᠢᠳᠠᠨ᠎ᠠ︔ ᠮᠢᠬ᠎ᠠ ᠥᠨᠳᠡᠭᠡ ᠶᠢᠨ ᠡᠳᠦᠷ ᠳᠤᠮᠳᠠᠴᠢ ᠶᠢᠨ ᠬᠡᠮᠵᠢᠶ᠎ᠡ ᠲᠣᠰ ᠲᠣᠰ 50 ᠭᠠᠷᠤᠢ ᠲᠣᠨ ᠪᠠᠶᠢᠵᠤ᠂ ᠬᠥᠮᠥᠷᠭᠡ ᠶᠢᠨ ᠬᠠᠳᠠᠭᠠᠯᠠᠮᠵᠢ ᠨᠢ 20 ᠡᠳᠦᠷ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠡᠪ ᠤᠨ ᠬᠠᠩᠭᠠᠯᠭ᠎ᠠ ᠶᠢ ᠪᠠᠲᠤᠯᠠᠵᠤ ᠴᠢᠳᠠᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠬᠤᠲᠠ ᠶᠢᠨ ᠠᠮᠤ ᠲᠣᠰᠣ᠂ ᠮᠢᠬᠠᠨ ᠤ ᠵᠦᠢᠯ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠢᠴᠡᠳ᠂ ᠪᠠᠷᠠᠭᠠᠨ ᠤ ᠢᠷᠡᠯᠲᠡ ᠶᠢᠨ ᠵᠠᠮ ᠱᠣᠭᠤᠮ ᠰᠠᠭᠠᠳ ᠦᠭᠡᠢ ᠨᠡᠪᠲᠡᠷᠡᠵᠦ᠂ ᠬᠠᠩᠭᠠᠯᠭ᠎ᠠ ᠪᠠᠲᠤᠯᠠᠭ᠎ᠠ ᠲᠠᠢ᠃ ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 63 ᠭᠤᠣᠯᠳᠠᠯᠭ᠎ᠠ ᠲᠠᠢ ᠲᠡᠭᠦᠰᠬᠡᠯ ᠦᠵᠦᠭᠦᠷ ᠤᠨ ᠬᠠᠩᠭᠠᠯᠭ᠎ᠠ ᠶᠢ ᠪᠠᠲᠤᠯᠠᠬᠤ ᠰᠦᠯᠵᠢᠶᠡᠨ ᠤ ᠳᠡᠯᠭᠡᠭᠦᠷ ᠤᠨ ᠪᠠᠷᠠᠭᠠᠨ ᠤ ᠢᠷᠡᠯᠲᠡ ᠶᠢ ᠲᠣᠭᠲᠠᠪᠤᠷᠢᠵᠢᠭᠤᠯᠵᠤ᠂ ᠬᠥᠮᠥᠷᠭᠡ ᠶᠢᠨ ᠬᠠᠳᠠᠭᠠᠯᠠᠮᠵᠢ ᠶᠢᠨ ᠬᠡᠮᠵᠢᠶ᠎ᠡ ᠶᠢ ᠵᠢᠯᠣᠭᠤᠳᠤᠨ ᠥᠷᠭᠡᠳᠬᠡᠵᠦ᠂ ᠣᠳᠣᠬᠠᠨ ᠳᠤ ᠤᠤᠯ ᠤᠨ 2 ᠡᠳᠦᠷ ᠤᠨ ᠪᠠᠷᠠᠭᠠᠨ ᠤ ᠬᠠᠳᠠᠭᠠᠯᠠᠮᠵᠢ ᠶᠢᠨ ᠬᠡᠮᠵᠢᠶ᠎ᠡ ᠠᠴᠠ 3 ᠡᠳᠦᠷ ᠠᠴᠠ ᠳᠡᠭᠡᠭᠰᠢ ᠪᠣᠯᠲᠠᠯ᠎ᠠ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠭᠤᠷᠣᠨᠳᠤ ᠪᠠᠨ ᠬᠥᠨᠳᠡᠯᠡᠨ ᠴᠢᠭᠯᠡᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ᠂ ᠡᠬᠢ ᠪᠠᠶᠠᠯᠢᠭ ᠢᠶᠠᠨ ᠬᠠᠷᠢᠯᠴᠠᠨ ᠬᠤᠪᠢᠶᠠᠯᠴᠠᠵᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠠᠵᠢᠯ ᠳᠤᠮᠳᠠᠬᠢ ᠪᠣᠳᠠᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠠᠷᠠᠭᠠᠨ ᠤ ᠦᠨ᠎ᠡ ᠶᠢ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠵᠠᠬ᠎ᠠ ᠳᠡᠯᠭᠡᠭᠦᠷ ᠤᠨ ᠵᠠᠪᠰᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ᠃
ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠥᠬᠡᠬᠤᠲᠠ ᠭᠤᠣᠯ ᠬᠤᠲᠠ ᠶᠢᠨ ᠲᠣᠭᠤᠷᠢᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠣᠷᠣᠴᠠ ᠪᠠ ᠭᠠᠷᠤᠴᠠ ᠳᠤ ᠪᠠᠷᠠᠭᠠᠨ ᠤ ᠲᠡᠷᠭᠡ ᠶᠢᠨ 4 ᠲᠤᠰᠬᠠᠢ ᠨᠡᠪᠲᠡᠷᠡᠬᠦ ᠵᠠᠮ ᠲᠣᠬᠢᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠥᠨᠳᠥᠷ ᠪᠦᠲᠦᠮᠵᠢᠲᠡᠶ᠂ ᠲᠦᠷᠭᠡᠨ᠂ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠪᠠ᠃ ᠪᠠᠷᠠᠭᠠᠨ ᠤ ᠲᠡᠷᠭᠡ ᠶᠢᠨ 4 ᠲᠤᠰᠬᠠᠢ ᠨᠡᠪᠲᠡᠷᠡᠬᠦ ᠵᠠᠮ ᠨᠢ ᠲᠣᠰ ᠲᠣᠰ G6 ᠶᠢᠨ ᠪᠢᠴᠢᠭᠡᠴᠢ ᠣᠷᠣᠴᠠ ᠭᠠᠷᠤᠴᠠ᠂ G5901 ᠶᠢᠨ ᠵᠣᠣ ᠵᠢᠶᠦ᠋ᠨ ᠣᠷᠣᠴᠠ ᠭᠠᠷᠤᠴᠠ᠂ G5901 ᠶᠢᠨ ᠭᠦᠸᠧ ᠵᠢᠶᠠ ᠶᠢᠩ ᠣᠷᠣᠴᠠ ᠭᠠᠷᠤᠴᠠ᠂ G5901 ᠶᠢᠨ ᠵᠢᠨᠾᠧ ᠣᠷᠣᠴᠠ ᠭᠠᠷᠤᠴᠠ ᠪᠣᠯᠣᠨ᠎ᠠ᠃ ᠮᠠᠨ ᠤ ᠬᠤᠲᠠ ᠴᠢᠬᠤᠯᠠ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ᠂ ᠵᠠᠮ ᠲᠡᠭᠡᠭᠡᠪᠦᠷᠢ ᠶᠢᠨ ᠶᠠᠮᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠳᠠᠷᠤᠭᠠᠰᠤ ᠨᠡᠮᠡᠬᠦ ᠶᠢ ᠬᠤᠷᠢᠭᠯᠠᠵᠤ᠂ ᠨᠡᠭᠦᠷᠡᠰᠦ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠡᠨᠧᠷᠭᠢ ᠶᠢᠨ ᠡᠳ᠋ ᠪᠣᠳᠠᠰ᠂ ᠸᠠᠺᠼᠢᠨ ᠵᠢᠴᠢ ᠬᠠᠭᠠᠰ ᠪᠣᠯᠪᠠᠰᠤᠷᠠᠭᠤᠯᠤᠭᠰᠠᠨ ᠪᠦᠲᠦᠭᠡᠭᠳᠡᠬᠦᠨ ᠪᠠ ᠲᠦᠭᠦᠬᠡᠢ ᠮᠠᠲ᠋ᠧᠷᠢᠶᠠᠯ᠂ ᠡᠮᠴᠢᠯᠡᠭᠡᠨ ᠤ ᠡᠳ᠋ ᠪᠣᠳᠠᠰ᠂ ᠲᠠᠷᠢᠶᠠᠯᠠᠩ ᠦᠢᠯᠡᠳᠪᠦᠷᠢᠯᠡᠯ ᠤᠨ ᠂ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ᠂ ᠠᠶᠤᠯ ᠭᠠᠮᠰᠢᠭ ᠠᠴᠠ ᠠᠪᠤᠷᠠᠬᠤ ᠡᠳ᠋ ᠪᠣᠳᠠᠰ ᠵᠡᠷᠭᠡ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ᠃ ᠬᠢᠯᠢ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠡᠳ᠋ ᠪᠠᠷᠠᠭ᠎ᠠ ᠶᠢ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠷ ᠳᠠᠮᠵᠢᠭᠤᠯᠤᠨ ᠲᠡᠭᠡᠭᠡᠪᠦᠷᠢᠯᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠬᠥᠬᠡᠬᠤᠲᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠲᠦᠷ ᠴᠠᠭ ᠤᠨ ᠡᠳ᠋ ᠪᠠᠷᠠᠭ᠎ᠠ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠪᠠᠶᠢᠭᠤᠯᠵᠤ᠂ ᠲᠣᠰ ᠲᠣᠰ G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠷ᠎ᠠ ᠤᠰᠤ ᠨᠠᠭᠤᠷ ᠦᠢᠯᠡᠴᠢᠯᠡᠭᠡᠨ ᠤ ᠲᠣᠭᠤᠷᠢᠭ ᠤᠨ ᠡᠮᠦᠨ᠎ᠡ ᠲᠠᠯ᠎ᠠ᠂ G6 ᠶᠢᠨ ᠬᠥᠬᠡᠬᠤᠲᠠ ᠶᠢᠨ ᠵᠡᠭᠦᠨ ᠳᠠᠬᠢ ᠦᠢᠯᠡᠴᠢᠯᠡᠭᠡᠨ ᠤ ᠲᠣᠭᠤᠷᠢᠭ ᠤᠨ ᠬᠤᠶᠢᠲᠤ ᠲᠠᠯ᠎ᠠ ᠳᠤ ᠪᠠᠶᠢᠷᠢᠯᠠᠭᠤᠯᠪᠠ᠃ ᠪᠠᠷᠠᠭ᠎ᠠ ᠲᠡᠭᠡᠭᠡᠪᠦᠷᠢᠯᠡᠬᠦ ᠥᠷᠲᠡᠭᠡ᠂ ᠪᠠᠶᠢᠴᠠᠭᠠᠨ ᠰᠢᠯᠭᠠᠬᠤ ᠴᠡᠭ ᠢᠶᠠᠷ ᠥᠩᠭᠡᠷᠡᠬᠦ ᠲᠡᠷᠭᠡ ᠬᠥᠰᠬᠡ ᠶᠢ ᠨᠢᠭᠡᠳᠦᠯᠲᠡᠢ ᠠᠷᠢᠭᠤᠳᠬᠠᠵᠤ ᠪᠠᠶᠢᠨ᠎ᠠ᠃ ᠵᠠᠰᠠᠮᠠᠯ ᠵᠠᠮ ᠤᠨ ᠪᠠᠶᠢᠴᠠᠭᠠᠨ ᠰᠢᠯᠭᠠᠬᠤ ᠴᠡᠭ ᠢᠶᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠪᠠ ᠠᠵᠢᠯᠲᠠᠨ ᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠵᠤ᠂ ᠪᠡᠶ᠎ᠡ ᠶᠢᠨ ᠳᠤᠯᠠᠭᠠᠨ ᠢ ᠨᠢ ᠬᠡᠮᠵᠢᠵᠦ᠂ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠪᠤᠶᠤ ᠬᠥᠬᠡᠬᠤᠲᠠ ᠶᠢᠨ ᠴᠠᠭᠳᠠᠭᠠᠨ ᠤ ᠺᠣᠳ᠋ ᠢ ᠪᠠᠶᠢᠴᠠᠭᠠᠨ ᠰᠢᠯᠭᠠᠵᠤ ᠪᠤᠢ᠃
ᠠᠳᠡ ᠪᠠᠰᠠ ᠤᠯᠠᠨ ᠲᠦᠮᠡᠨ ᠢ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠣᠶᠤᠨᠴᠢ ᠪᠠᠷ ᠬᠤᠳᠠᠯᠳᠤᠨ ᠂ ᠶᠡᠭᠡ ᠬᠡᠮᠵᠢᠶ᠎ᠡ ᠪᠠᠷ ᠬᠤᠷᠠᠮᠳᠤᠭᠤᠯᠤᠨ ᠬᠠᠳᠠᠭᠠᠯᠠᠬᠤ ᠬᠡᠷᠡᠭ ᠦᠭᠡᠢ ᠭᠡᠵᠦ ᠤᠷᠢᠶᠠᠯᠠᠵᠤ ᠪᠤᠢ᠃ ᠡᠭᠦᠨ ᠤ ᠬᠠᠮᠲᠤ ᠰᠠᠶᠢᠨ ᠰᠠᠶᠢᠬᠠᠨ ᠤᠷᠮ᠎ᠠ ᠰᠡᠳᠬᠢᠯᠭᠡ ᠪᠠ ᠰᠡᠳᠬᠢᠴᠡ ᠶᠢᠨ ᠪᠠᠶᠢᠳᠠᠯ ᠢ ᠪᠠᠲᠤᠯᠠᠵᠤ᠂ ᠪᠦᠯᠬᠦᠮᠳᠡᠨ ᠬᠠᠮᠲᠤᠷᠠᠯᠴᠠᠵᠤ ᠪᠠᠶᠢᠭᠠᠳ ᠬᠢᠵᠢᠭ ᠤᠨ ᠪᠠᠶᠢᠳᠠᠯ ᠢ ᠢᠯᠠᠨ ᠬᠡᠷᠡᠭᠲᠡᠢ᠃