ᠵᠤᠬᠢᠶᠠᠭᠴᠢ: ᠴᠠᠭ:2022-03-04 ᠥᠵᠡᠭᠰᠡᠨ : ᠢᠷᠡᠯᠲᠡ:    ᠬᠥᠬᠡᠬᠤᠲᠠ ᠶᠢᠨ ᠡᠳᠦᠷ ᠤᠨ ᠰᠣᠨᠢᠨ 》   
ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ  2022 ᠣᠨ ᠤ 17 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ

 

2022  3  ᠰᠠᠷ᠎ᠠ ᠶᠢᠨ 3᠎ ᠤ ᠡᠳᠦᠷ ᠤᠨ ᠦᠳᠡ ᠳᠤ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 2022 ᠣᠨ ᠤ 17 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ  ᠮᠣᠩᠭᠤᠯ ᠳᠤ ᠠᠵᠢᠯᠯᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠵᠢᠯ ᠤᠨ ᠰᠠᠨᠠᠭᠤᠯᠭ᠎ᠠ ᠪᠠᠷ ᠴᠡᠭᠴᠡᠯᠡᠨ  ᠰᠠᠶᠢᠵᠢᠷᠠᠭᠤᠯᠬᠤ ᠶᠢ  ᠨᠠᠶᠢᠳᠠᠪᠤᠷᠢᠵᠢᠭᠤᠯᠤᠭᠰᠠᠨ ᠪᠠᠶᠢᠳᠠᠯ ᠂ ᠰᠠᠬᠢᠯᠭ᠎ᠠ ᠪᠠᠲᠤ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠤᠭᠤᠶᠢᠯᠠᠩ ᠤᠨ 《ᠭᠤᠷᠪᠠᠨ ᠲᠥᠷᠥᠯ ᠤᠨ    》 ᠎ ᠤᠨ ᠬᠠᠮᠢᠶᠠᠷᠤᠯᠲᠠ ᠵᠢᠴᠢ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠎ ᠢ ᠬᠢᠨᠠᠨ ᠵᠢᠯᠤᠭᠤᠳᠴᠤ ᠢᠯᠡᠷᠡᠭᠦᠯᠦᠭᠰᠡᠨ ᠠᠰᠠᠭᠤᠳᠠᠯ ᠤᠨ ᠪᠠᠶᠢᠳᠠᠯ ᠎ ᠢ  ᠮᠡᠳᠡᠭᠳᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ  ᠳᠤᠭᠤᠶᠢᠯᠠᠩ ᠤᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋  ᠡᠷᠬᠢᠯᠡᠭᠴᠢ ᠢᠦᠢ ᠰᠢᠤᠸᠠᠢ ᠵᠢᠶᠦ᠋ᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ  ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠦᠦ ᠭᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ  ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠾᠧ ᠬᠠᠢ ᠳ᠋ᠦᠩ ᠲᠠᠷᠠᠭᠠᠴᠢ ᠶᠢᠨ ᠠᠯᠬᠤᠮ ᠤᠨ ᠠᠵᠢᠯ ᠢ  ᠲᠣᠬᠢᠷᠠᠭᠤᠯᠤᠨ ᠪᠠᠶᠢᠷᠢᠯᠠᠭᠤᠯᠪᠠ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠠᠵᠢᠯᠯᠠᠬᠤ  ᠳᠤᠭᠤᠶᠢᠯᠠᠩ ᠠᠴᠠ ᠮᠠᠨ ᠤ ᠬᠤᠲᠠ ᠳᠤ 7 ᠬᠤᠭᠤᠴᠠᠭᠠᠨ ᠤ 《ᠠᠵᠢᠯ ᠤᠨ ᠰᠠᠨᠠᠭᠤᠯᠭ᠎ᠠ》 ᠳᠤᠷᠠᠳᠴᠤ᠂  ᠪᠦᠭᠡᠮ ᠬᠦᠴᠢᠯ ᠤᠨ ᠪᠠᠶᠢᠴᠠᠭᠠᠯᠲᠠ᠂ ᠲᠠᠬᠤᠯ  ᠡᠪᠡᠳᠴᠢᠨ ᠤ ᠪᠠᠶᠢᠴᠠᠭᠠᠨᠯᠲᠡ ᠪᠠᠷ ᠡᠬᠢ ᠡᠭᠦᠰᠦᠯ ᠢ ᠮᠦᠷᠲᠡᠬᠦ᠂ ᠺᠣᠳ᠋ ᠣᠯᠭᠤᠵᠤ ᠺᠣᠳ᠋ ᠬᠤᠪᠢᠷᠠᠭᠤᠯᠬᠤ᠂ ᠨᠡᠶᠢᠭᠡᠮ ᠤᠨ ᠲᠠᠯ᠎ᠠ ᠶᠢᠨ  ᠬᠠᠮᠢᠶᠠᠷᠤᠯᠲᠠ  ᠡᠵᠡᠮᠳᠡᠯ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ ᠣᠷᠣᠨ ᠬᠠᠮᠢᠶᠠᠷᠤᠨ ᠡᠵᠡᠮᠳᠡᠬᠦ ᠣᠷᠣᠨ ᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ  ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠢᠶᠠᠷ ᠪᠠᠷᠠᠬᠤ ᠦᠭᠡᠢ ᠪᠠᠰᠠ ᠪᠣᠳᠠᠲᠠᠢ ᠠᠵᠢᠯ ᠤᠨ ᠰᠠᠨᠠᠭᠤᠯᠭ᠎ᠠ ᠳᠤᠷᠠᠳᠴᠤ᠂  ᠬᠦᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠯᠤᠲᠤ ᠶᠡᠭᠡ  ᠬᠠᠪᠰᠤᠷᠤᠯᠭ᠎ᠠ ᠦᠵᠡᠭᠦᠯᠪᠡ᠃ ᠠᠵᠢᠯᠯᠠᠬᠤ ᠳᠤᠭᠤᠶᠢᠯᠠᠩ ᠤᠨ ᠳᠤᠷᠠᠳᠤᠭᠰᠠᠨ ᠪᠣᠶ ᠪᠦᠬᠦᠢ ᠠᠰᠠᠭᠤᠳᠠᠯ ᠤᠨ ᠲᠤᠬᠠᠢ ᠰᠠᠨᠠᠭᠤᠯᠭ᠎ᠠ ᠶᠢ ᠬᠤᠲᠠ ᠶᠢᠨ ᠨᠠᠮ ᠤᠨ  ᠬᠤᠷᠢᠶ᠎ᠠ᠂  ᠬᠤᠲᠠ ᠶᠢᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂   ᠮᠡᠳᠡᠭᠰᠡᠨ ᠳᠠᠷᠤᠢ ᠳᠠᠭᠠᠨ  ᠴᠡᠭᠴᠡᠯᠡᠨ ᠰᠠᠶᠢᠵᠢᠷᠠᠭᠤᠯᠵᠤ᠂  ᠴᠡᠭᠴᠡᠯᠡᠨ  ᠰᠠᠶᠢᠵᠢᠷᠠᠭᠤᠯᠤᠭᠰᠠᠨ ᠳᠠᠷᠤᠢ ᠎ ᠳᠤᠨᠢ ᠬᠢᠨᠠᠨ  ᠪᠠᠶᠢᠴᠠᠭᠠᠬᠤ ᠶᠢᠨ ᠬᠠᠮᠲᠤ  ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠳᠠᠯᠢ ᠲᠥᠷᠥᠯ ᠤᠨ ᠠᠰᠠᠭᠤᠳᠠᠯ ᠳᠤ 《 ᠳᠠᠬᠢᠵᠤ  ᠠᠯᠳᠠᠰᠢ ᠭᠠᠷᠭᠠᠬᠤ ᠦᠭᠡᠢ》 ᠪᠠᠶᠢᠬᠤ ᠶᠢ ᠦᠨᠡᠨᠬᠦ  ᠪᠠᠲᠤᠯᠠᠪᠠ ᠭᠡᠵᠡᠢ᠃

ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ  ᠤᠯᠠᠮ ᠴᠢᠨᠠᠭᠰᠢᠳᠠ ᠳᠡᠭᠡᠭᠰᠢᠯᠡᠭᠦᠯᠵᠦ᠂  ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠳᠤ ᠵᠠᠭᠤᠨ ᠬᠠᠷᠠᠯᠲᠠ ᠪᠠᠨ ᠠᠩᠬᠠᠷᠴᠤ᠂ ᠨᠠᠷᠢᠨ  ᠵᠦᠢᠯᠡᠰ ᠳᠡᠭᠡᠷ᠎ᠡ ᠬᠦᠴᠦ ᠣᠷᠣᠭᠤᠯᠵᠤ᠂ ᠦᠷ᠎ᠡ ᠪᠦᠲᠦᠮᠵᠢ ᠪᠠᠨ ᠤᠯᠠᠮ ᠢᠯᠡᠭᠦᠦ ᠳᠡᠭᠡᠭᠰᠢᠯᠡᠭᠦᠯᠵᠦ᠂  ᠣᠨᠣᠪᠴᠢᠳᠠᠢ  ᠬᠢᠬᠦ  ᠳᠡᠭᠡᠷ᠎ᠡ  ᠪᠤᠳᠠᠳᠤ ᠦᠷ᠎ᠡ  ᠪᠦᠲᠦᠮᠵᠢ ᠣᠯᠬᠤ ᠪᠠᠷ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠶᠢᠨ  ᠦᠷ᠎ᠡ ᠪᠦᠲᠦᠮᠵᠢ ᠶᠢ ᠬᠠᠮᠤᠭ ᠤᠨ  ᠬᠤᠷᠳᠤᠨ ᠢᠶᠠᠷ ᠢᠯᠡᠷᠡᠭᠦᠯᠬᠦ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠲᠠ ᠶᠢ ᠨᠡᠶᠢᠲᠡᠮ ᠪᠦᠷᠬᠦᠬᠦᠯᠬᠦ ᠶᠢ ᠪᠡᠶᠡᠯᠡᠭᠦᠯᠵᠦ  ᠂ 《 ᠰᠢᠷ᠎ᠠ ᠺᠣᠳ᠋ ᠣᠯᠭᠤᠬᠤ》 《ᠴᠢᠩᠭ᠎ᠠ ᠬᠠᠮᠢᠶᠠᠷᠤᠨ ᠡᠵᠡᠮᠳᠡᠬᠦ》᠎ ᠪᠠᠷ ᠳᠠᠮᠵᠢᠭᠤᠯᠤᠨ ᠪᠠᠶᠢᠴᠠᠭᠠᠭᠠᠳᠤᠢ ᠬᠥᠮᠥᠰ ᠢ  ᠪᠠᠶᠢᠴᠠᠭᠠᠯᠲᠠ ᠬᠢᠯᠭᠡᠵᠦ᠂ 《 ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ》᠎ ᠪᠠᠷ ᠳᠠᠮᠵᠢᠭᠤᠯᠤᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠲᠠᠬᠤᠯ ᠡᠪᠡᠳᠴᠢᠨ ᠤ  ᠪᠠᠶᠢᠴᠠᠭᠠᠯᠲᠠ ᠪᠠᠷ ᠡᠬᠢ ᠡᠬᠦᠰᠦᠯ ᠢ ᠮᠦᠷᠳᠡᠬᠦ ᠳᠤ 《ᠤᠷᠢᠳ ᠢᠶᠠᠷ ᠬᠠᠮᠢᠶᠠᠷᠴᠤ ᠳᠠᠷᠠᠭ᠎ᠠ ᠨᠢ  ᠪᠠᠶᠢᠴᠠᠭᠠᠯᠲᠠ ᠬᠢᠬᠦ᠂  ᠬᠠᠮᠢᠶᠠᠷᠬᠤ ᠪᠠᠶᠢᠴᠠᠭᠠᠬᠤ ᠶᠢ  ᠵᠡᠷᠭᠡ ᠪᠠᠷ ᠶᠠᠪᠤᠭᠤᠯᠬᠤ》᠎ ᠶᠢ ᠪᠡᠶᠡᠯᠡᠭᠦᠯᠵᠦ᠂ ᠡᠪᠡᠳᠴᠢᠨ ᠤ ᠵᠢᠱᠢᠶ᠎ᠡ ᠶᠢᠨ ᠠᠵᠢᠯᠯᠠᠭᠠᠨ ᠤ ᠵᠠᠮ ᠮᠥᠷ᠂   ᠬᠦᠮᠦᠨ ᠬᠠᠷ᠎ᠠ ᠲᠠᠢ ᠣᠶᠢᠷᠠᠲᠤᠭᠰᠠᠨ ᠬᠡᠪᠴᠢᠶ᠎ᠡ ᠶᠢ ᠣᠨᠣᠪᠴᠢᠲᠠᠶ ᠲᠣᠭᠲᠠᠭᠠᠵᠤ᠂ 《 ᠠᠯᠢ ᠲᠦᠷᠭᠡᠨ ᠢᠶᠠᠷ》 ᠵᠠᠷᠴᠢᠮ ᠶᠣᠰᠣᠭᠠᠷ᠂ ᠬᠤᠪᠢ ᠬᠥᠮᠥᠨ ᠤ ᠨᠢᠭᠤᠴᠠ ᠶᠢ ᠰᠠᠶᠢᠲᠤᠷ ᠬᠠᠮᠠᠭᠠᠯᠠᠭᠰᠠᠨ  ᠰᠠᠭᠤᠷᠢᠨ ᠳᠡᠭᠡᠷ᠎ᠡ ᠨᠡᠶᠢᠭᠡᠮ ᠤᠨ ᠲᠠᠯ᠎ᠠ ᠶᠢᠨ  ᠤᠶᠢᠷᠠᠳᠤᠭᠰᠠᠨ ᠵᠠᠮ ᠮᠥᠷ ᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃  ᠲᠤᠰᠠᠭᠠᠷᠯᠠᠬᠤ ᠪᠠᠭᠤᠳᠠᠯ ᠤᠨ  ᠬᠠᠮᠢᠶᠠᠷᠤᠯᠲᠠ ᠳᠤ ᠰᠢᠨᠵᠢᠯᠡᠬᠦ ᠤᠬᠠᠭᠠᠨᠴᠢ ᠪᠠᠷ ᠠᠵᠢᠯᠲᠠᠨ ᠲᠣᠬᠢᠷᠠᠭᠤᠯᠵᠤ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠵᠢᠭᠤᠯᠤᠨ᠂ ᠬᠠᠮᠤᠭ ᠤᠨ  ᠰᠢᠯᠢᠳᠡᠭ᠂ ᠬᠠᠮᠤᠭ ᠤᠨ ᠲᠤᠰᠬᠠᠢ ᠮᠡᠷᠭᠡᠵᠢᠯ ᠤᠨ ᠺᠠᠳ᠋ᠷ ᠢ ᠬᠠᠮᠤᠭ ᠤᠨ ᠴᠢᠬᠤᠯᠠ ᠠᠵᠢᠯ ᠤᠨ ᠪᠠᠶᠢᠷᠢᠨ ᠳᠤ ᠲᠣᠮᠢᠯᠠᠬᠤ ᠬᠡᠷᠡᠭᠲᠡᠢ᠃ ᠭᠤᠣᠯᠳᠠᠯᠭ᠎ᠠ ᠲᠠᠢ  ᠣᠷᠣᠨ ᠪᠦᠰᠡ ᠶᠢ ᠬᠠᠮᠢᠶᠠᠷᠤᠨ ᠡᠵᠡᠮᠳᠡᠬᠦ ᠳᠤ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠨᠠᠷᠢᠯᠢᠭ ᠣᠨᠣᠴᠠᠲᠠᠢ ᠪᠠᠷ ᠭᠤᠷᠪᠠᠨ ᠣᠷᠣᠨ ᠤ ᠬᠡᠪᠴᠢᠶ᠎ᠡ ᠶᠢ  ᠬᠤᠪᠢᠶᠠᠷᠢᠯᠠᠵᠤ᠂ ᠪᠢᠲᠡᠭᠦᠮᠵᠢᠯᠡᠨ ᠡᠵᠡᠮᠳᠡᠬᠦ ᠣᠷᠣᠨ ᠳᠤ 《ᠭᠡᠷ ᠠᠴᠠ ᠪᠠᠨ ᠭᠠᠷᠬᠤ ᠦᠭᠡᠢ》 ᠪᠠ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ ᠬᠦᠴᠦ  ᠲᠠᠯᠪᠢᠬᠤ ᠬᠡᠷᠡᠭᠲᠡᠢ︔ ᠬᠠᠮᠢᠶᠠᠷᠤᠨ ᠡᠵᠡᠮᠳᠡᠬᠦ ᠣᠷᠣᠨ ᠳᠤ 《ᠣᠷᠣᠨ ᠲᠣᠭᠤᠷᠢᠭ ᠠᠴᠠ ᠪᠠᠨ ᠭᠠᠷᠬᠤ ᠦᠭᠡᠢ᠂ ᠴᠤᠭᠯᠠᠷᠠᠬᠤ ᠶᠢ ᠴᠢᠩᠭ᠎ᠠ ᠴᠠᠭᠠᠵᠠᠯᠠᠬᠤ》᠎ ᠶᠢ  ᠪᠡᠶᠡᠯᠡᠭᠦᠯᠵᠦ᠂ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠬᠡᠷᠡᠭᠲᠡᠢ︔ ᠰᠡᠷᠭᠡᠶᠢᠯᠡᠯᠲᠡ ᠶᠢᠨ ᠣᠷᠣᠨ ᠳᠤ 《ᠳᠥᠷᠪᠡᠨ   ᠪᠣᠯᠬᠤ ᠦᠭᠡᠢ》᠎ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠡᠶᠢᠭᠡᠮ ᠤᠨ ᠲᠠᠯ᠎ᠠ ᠠᠴᠠ ᠰᠡᠷᠭᠡᠶᠢᠯᠡᠨ ᠡᠵᠡᠮᠳᠡᠬᠦ ᠳᠤ ᠴᠢᠬᠤᠯᠠ ᠤᠴᠢᠷ ᠦᠭᠡᠢ ᠪᠠᠷ ᠶᠠᠪᠤᠵᠤ  ᠰᠢᠯᠵᠢᠬᠦ ᠶᠢ ᠪᠠᠭᠠᠰᠬᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ᠂   ᠪᠥᠭᠡᠮᠨᠡᠷᠡᠬᠦ ᠦᠭᠡᠢ᠂  ᠶᠠᠪᠤᠵᠤ ᠰᠢᠯᠵᠢᠬᠦ ᠦᠭᠡᠢ ᠪᠠᠶᠢᠬᠤ  ᠶᠢ ᠬᠦᠳᠦᠯᠦᠨ ᠵᠢᠯᠤᠭᠤᠳᠬᠤ ᠬᠡᠷᠡᠭᠲᠡᠢ︔ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ  ᠵᠢᠱᠢᠶᠡᠴᠢ ᠦᠢᠯᠡᠳᠦᠯ ᠢ ᠪᠠᠳᠠᠷᠠᠭᠤᠯᠵᠤ᠂    ᠢ ᠬᠠᠮᠢᠶᠠᠷᠴᠤ᠂ ᠪᠠᠲᠤᠯᠠᠭ᠎ᠠ ᠶᠢ ᠬᠠᠮᠢᠶᠠᠷᠴᠤ᠂ ᠪᠠᠴᠢᠮ ᠢ  ᠶᠢ ᠬᠠᠮᠢᠶᠠᠷᠴᠤ᠂ ᠠᠵᠢᠯ ᠤᠨ  ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠠᠵᠢᠯ ᠤᠨ ᠪᠠᠶᠢᠷᠢ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂  ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠬᠡᠷᠡᠭ  ᠶᠠᠪᠤᠳᠠᠯ ᠢ ᠦᠨᠵᠢᠭᠦᠯᠬᠦ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠠᠵᠢᠯ ᠬᠢᠬᠦ ᠦᠭᠡᠢ᠂ ᠤᠳᠠᠭᠠᠨ ᠬᠢᠬᠦ  ᠬᠦᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃

ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭᠠᠨ ᠤ ᠶᠡᠭᠡ ᠰᠢᠯᠭᠠᠯᠲᠠ ᠪᠣᠯᠬᠤ ᠪᠠᠷ ᠪᠠᠷᠠᠬᠤ ᠦᠭᠡᠢ᠂ ᠪᠠᠰᠠ ᠴᠤ ᠲᠣᠯᠢ ᠪᠣᠯᠣᠨ᠎ᠠ᠂ ᠮᠠᠨ ᠤ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠪᠣᠯᠣᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠬᠠᠷᠠᠭᠤᠯᠵᠠᠢ᠃ ᠲᠤᠷᠰᠢᠯᠭ᠎ᠠ ᠪᠠᠨ ᠳ᠋ᠦᠩᠨᠡᠨ᠂  ᠰᠤᠷᠭᠠᠮᠵᠢ ᠠᠪᠴᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ   ᠬᠠᠮᠢᠶᠠᠷᠤᠯᠲᠠ ᠶᠢᠨ ᠰᠢᠰᠲ᠋ᠧᠮᠵᠢ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠰᠢᠰᠲ᠋ᠧᠮᠵᠢ᠂ ᠨᠡᠶᠢᠭᠡᠮ ᠤᠨ ᠵᠠᠰᠠᠯᠲᠠ ᠶᠢᠨ ᠮᠡᠳᠡᠭᠡ     ᠣᠶᠤᠨᠴᠢᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠢ ᠰᠦᠪᠡᠭᠴᠢᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ  ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢᠯᠠᠬᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠬᠠᠪᠲᠠᠭᠠᠶᠢᠷᠠᠭᠤᠯᠬᠤ᠂ ᠨᠡᠶᠢᠭᠡᠮ ᠲᠣᠭᠤᠷᠢᠭ ᠤᠨ  ᠦᠢᠯᠡᠴᠢᠯᠡᠭᠡ ᠶᠢ ᠲᠣᠥᠷᠵᠢᠭᠤᠯᠬᠤ᠂ ᠬᠠᠮᠢᠶᠠᠷᠤᠯᠲᠠ ᠶᠢᠨ ᠠᠷᠭ᠎ᠠ ᠪᠠᠷᠢᠯ ᠢ ᠮᠡᠳᠡᠭᠡ ᠵᠠᠩᠭᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠲᠠᠭᠤᠳᠠᠯ ᠢ  ᠨᠥᠬᠦᠪᠦᠷᠢᠯᠡᠬᠦ᠂ ᠠᠯᠳᠠᠰᠢ ᠭᠠᠷᠬᠤ ᠶᠢ ᠬᠤᠷᠢᠭᠯᠠᠬᠤ᠂  ᠪᠠᠭᠤᠷᠠᠢ ᠲᠠᠯ᠎ᠠ ᠪᠠᠨ ᠰᠠᠶᠢᠵᠢᠷᠠᠭᠤᠯᠬᠤ ᠶᠢ ᠱᠠᠯᠠᠪᠳᠠᠨ ᠠᠳᠬᠤᠵᠤ᠂ ᠲᠥᠪ ᠬᠤᠲᠠ ᠶᠢᠨ ᠦᠨᠳᠦᠰᠦᠨ  ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠭᠡᠷᠡᠭᠲᠡᠢ ᠭᠡᠵᠡᠢ᠃

 ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂  ᠬᠤᠷᠢᠨᠭᠡᠷ ᠰᠢᠨ᠎ᠡ ᠲᠣᠭᠤᠷᠢᠭ ᠪᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠲᠥᠷᠥ ᠶᠢᠨ ᠶᠠᠪᠤᠳᠠᠯ ᠤᠨ  ᠬᠤᠷᠢᠶᠠᠨ ᠤ  ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠠᠵᠢᠯᠯᠠᠬᠤ  ᠳᠤᠭᠤᠶᠢᠯᠠᠩ ᠤᠨ  ᠭᠡᠰᠢᠭᠦᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃  

 

 

 


   :                    
   :           
备案序号:蒙ICP备05003250号 公安备案15010502000173