ᠵᠤᠬᠢᠶᠠᠭᠴᠢ: ᠴᠠᠭ:2022-11-12 ᠥᠵᠡᠭᠰᠡᠨ : ᠢᠷᠡᠯᠲᠡ:  ︽ᠥᠪᠥᠷ ᠮᠣᠩᠭᠤᠯ ᠤᠨ ᠡᠳᠦᠷ ᠤᠨ ᠰᠣᠨᠢᠨ︾  
ᠭᠦᠭᠡᠬᠤᠲᠠ ︽ᠲᠤᠯᠤᠭᠠᠨ ᠦᠯᠦ ᠪᠤᠯᠬᠤ︾ ᠨᠡᠶᠢᠭᠡᠮ ᠤᠨ ᠬᠠᠮᠢᠶᠠᠷᠤᠨ ᠡᠵᠡᠮᠳᠡᠬᠦ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ

 

2022  11 ᠳ᠋ᠦ᠋ᠭᠡᠷ ᠰᠠᠷ᠎ᠠ ᠶᠢᠨ 6 ᠤ ᠡᠳᠦᠷ ᠬᠤᠷᠠᠯᠳᠤᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ︵69 ᠳ᠋ᠦ᠋ᠭᠡᠷ ᠲᠠᠯᠠᠪᠠᠢ︶ ᠠᠴᠠ ᠣᠶᠢᠯᠠᠭᠠᠭᠰᠠᠨ ᠢᠶᠠᠷ᠂ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠶᠢᠨ ᠲᠥᠯᠥᠭᠡ᠂ ᠭᠦᠭᠡᠬᠤᠲᠠ ᠶᠢᠨ ᠬᠢᠨ 《ᠲᠤᠯᠤᠭᠠᠨ ᠦᠯᠦ ᠪᠤᠯᠬᠤ》ᠵᠦᠢᠯ ᠢ ᠳᠤᠷᠠᠳᠤᠨ ᠭᠠᠷᠭᠠᠭᠰᠠᠨ ᠪᠠᠶᠢᠨ᠎ᠠ᠃

ᠨᠢᠭᠡ᠂ ᠳᠤᠮᠳᠠ᠂ ᠥᠨᠳᠥᠷ ᠲᠦᠭᠰᠢᠭᠦᠷᠢᠲᠡᠢ ᠣᠷᠣᠨ ᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠠᠷᠢᠯᠢᠭ ᠣᠨᠣᠴᠠᠲᠠᠢ ᠪᠠᠷ ᠵᠠᠭᠠᠭᠯᠠᠨ ᠲᠣᠭᠲᠠᠭᠠᠬᠤ ᠬᠡᠷᠡᠭᠲᠡᠢ᠃ ᠰᠤᠳᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠦᠷ᠎ᠡ ᠳ᠋ᠦᠩ ᠢ ᠦᠨᠳᠦᠰᠦᠯᠡᠨ᠂ ᠠᠶᠤᠯ ᠲᠦᠭᠰᠢᠭᠦᠷᠢ ᠶᠢᠨ ᠣᠷᠣᠨ ᠪᠦᠰᠡ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠠᠰᠠᠷ᠂ ᠤᠷᠤᠴᠠ ᠭᠦᠷᠳᠡᠯ᠎ᠡ ᠨᠠᠷᠢᠯᠢᠭ ᠲᠣᠭᠲᠠᠭᠠᠵᠤ᠂ ᠨᠢᠭᠡ ᠬᠤᠶᠠᠷ ᠡᠪᠡᠳᠴᠢᠨ ᠤ ᠵᠢᠱᠢᠶ᠎ᠡ ᠭᠠᠷᠤᠭᠰᠠᠨ ᠠᠴᠠ ᠪᠣᠯᠵᠤ ᠪᠦᠬᠦᠶᠢᠯᠡ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠵᠦ ᠪᠤᠯᠬᠤ ᠦᠭᠡᠢ᠃       

ᠬᠤᠶᠠᠷ᠂ ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠡᠢ ᠣᠷᠣᠨ ᠠᠴᠠ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠪᠠ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠭᠦᠷᠲᠡᠯ᠎ᠡ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠂ ᠡᠷᠬᠡᠪᠰᠢ ᠰᠠᠶᠢᠲᠤᠷ ᠬᠠᠮᠢᠶᠠᠷᠴᠤ᠂ ᠡᠮᠬᠢ ᠵᠢᠷᠤᠮ ᠲᠠᠢ ᠲᠠᠯᠪᠢᠬᠤ ᠬᠡᠷᠡᠭᠲᠡᠢ᠃ ᠥᠨᠳᠥᠷ ᠲᠦᠭᠰᠢᠭᠦᠷᠢᠲᠡᠢ ᠣᠷᠣᠨ ᠳᠤ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ 《ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ ᠦᠢᠯᠡᠴᠢᠯᠡᠬᠦ》 ᠶᠢ ᠪᠡᠶᠡᠯᠡᠭᠦᠯᠬᠦ ᠬᠡᠷᠡᠭᠲᠡᠢ᠃ ᠳᠤᠮᠳᠠ ᠲᠦᠭᠰᠢᠭᠦᠷᠢᠲᠡᠢ ᠣᠷᠣᠨ ᠳᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ 《ᠬᠥᠮᠥᠨ ᠨᠢ ᠰᠠᠭᠤᠭᠠᠯᠢ ᠠᠷᠠᠳ ᠤᠨ ᠲᠣᠭᠤᠷᠢᠭ ᠠᠴᠠ ᠪᠠᠨ ᠭᠠᠷᠬᠤ ᠦᠭᠡᠢ᠂ ᠴᠠᠭ ᠰᠤᠯᠪᠢᠴᠠᠨ ᠶᠠᠭᠤᠮ᠎ᠠ ᠬᠡᠦᠮ᠎ᠡ ᠠᠪᠬᠤ》 ᠶᠢ ᠪᠡᠶᠡᠯᠡᠭᠦᠯᠦᠨ᠎ᠡ︔ ᠰᠠᠭᠤᠭᠠᠯᠢ ᠠᠷᠠᠳ ᠦᠯᠦ ᠬᠦᠷᠦᠯᠴᠡᠬᠦ ᠭᠡᠯᠪᠡᠷᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠭᠡᠲᠦ ᠳᠡᠯᠭᠡᠭᠦᠷ᠂ ᠲᠥᠭᠦᠮ ᠳᠡᠯᠭᠡᠭᠦᠷ ᠠᠴᠠ ᠶᠠᠭᠤᠮ᠎ᠠ ᠬᠡᠦᠮ᠎ᠡ ᠬᠤᠳᠠᠯᠳᠤᠨ ᠠᠪᠴᠤ ᠪᠣᠯᠣᠨ᠎ᠠ᠃ ᠳᠣᠣᠷ᠎ᠠ ᠲᠦᠭᠰᠢᠭᠦᠷᠢᠲᠡᠢ ᠣᠷᠣᠨ ᠪᠠ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠲᠤ 《ᠬᠤᠪᠢ ᠬᠥᠮᠥᠨ ᠤ ᠬᠠᠮᠠᠭᠠᠯᠠᠯᠲᠠ᠂ ᠴᠤᠭᠯᠠᠷᠠᠬᠤ ᠠᠴᠠ ᠵᠠᠶᠢᠯᠠᠰᠬᠢᠬᠦ》 ᠶᠢ ᠭᠡᠷᠡᠭᠵᠢᠭᠦᠯᠦᠨ᠎ᠡ︔ ᠰᠠᠭᠤᠭᠠᠯᠢ ᠠᠷᠠᠳ ᠨᠡᠪᠲᠡᠷᠡᠬᠦ ᠺᠠᠷᠲ ᠢᠶᠠᠷ ᠢᠶᠠᠨ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠴᠤ ᠪᠣᠯᠣᠨ᠎ᠠ᠂ ᠴᠢᠬᠤᠯᠠ ᠲᠠᠢ ᠪᠢᠰᠢ ᠪᠣᠯ ᠲᠣᠭᠤᠷᠢᠭ ᠠᠯᠤᠰᠯᠠᠨ ᠶᠠᠪᠤᠵᠤ ᠰᠠᠭᠤᠬᠤ ᠦᠭᠡᠢ ᠪᠠᠶᠢᠬᠤ ᠬᠡᠷᠡᠭᠲᠡᠢ︔ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠭᠡᠳᠦ ᠳᠡᠯᠭᠡᠭᠦᠷ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠎ᠠ᠃ ᠰᠠᠭᠤᠭᠠᠯᠢ ᠠᠷᠠᠳ᠂ ᠰᠠᠭᠤᠭᠠᠯᠢ ᠠᠷᠠᠳ ᠤᠨ ᠲᠣᠭᠤᠷᠢᠭ ᠪᠠ ᠡᠯ᠎ᠡ ᠲᠥᠷᠥᠯ ᠤᠨ ᠲᠠᠯᠠᠪᠤᠷ ᠢᠶᠠᠷ ᠣᠷᠣᠵᠤ ᠭᠠᠷᠬᠤ ᠳᠠᠭᠠᠨ ᠡᠷᠬᠡᠪᠰᠢ ᠺᠣᠳ᠋ ᠰᠢᠷᠪᠢᠭᠦ᠂ ᠪᠡᠶ᠎ᠡ ᠶᠢᠨ ᠬᠠᠯᠠᠭᠤᠨ ᠢᠶᠠᠨ ᠭᠡᠮᠵᠢᠭᠦ᠂ ᠠᠮᠠᠪᠴᠢ ᠵᠡᠭᠦᠭᠦ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃       

ᠭᠤᠷᠪᠠ᠂ ᠡᠯ᠎ᠡ ᠲᠥᠷᠥᠯ ᠤᠨ ᠲᠦᠭᠰᠢᠭᠦᠷᠢᠲᠡᠢ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠤᠯᠬᠤ ᠦᠭᠡᠢ᠂ ᠡᠷᠬᠡᠪᠰᠢ ᠬᠥᠳᠡᠯᠦᠩᠭᠦᠢ ᠪᠠᠷ ᠬᠠᠮᠢᠶᠠᠷᠴᠤ᠂ ᠴᠠᠭ ᠲᠤᠬᠠᠢ ᠳᠤᠨᠢ ᠲᠠᠰ ᠪᠠᠭᠤᠷᠠᠭᠤᠯᠬᠤ ᠬᠡᠷᠡᠭᠲᠡᠢ᠃ ᠥᠨᠳᠥᠷ ᠲᠦᠭᠰᠢᠭᠦᠷᠢᠲᠡᠢ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠮᠥᠷᠲᠡᠭᠡᠨ 7 ᠳ᠋ᠤᠭᠠᠷ ᠡᠳᠦᠷ ᠲᠤ ᠪᠦᠭᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠴᠥᠮ ᠪᠢᠯᠢᠭ ᠴᠢᠨᠠᠷ ᠢᠯᠡᠷᠡᠭᠰᠡᠨ ᠪᠠᠶᠢᠪᠠᠯ᠂ ᠴᠠᠭ ᠲᠤᠬᠠᠢ ᠳᠤᠨᠢ ᠳᠤᠮᠳᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠵᠤ᠂ ᠳᠠᠭᠢᠨ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠣᠯ ᠴᠠᠭ ᠲᠤᠬᠠᠢ ᠳᠤᠨᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠤᠨ᠎ᠠ︔ ᠳᠤᠮᠳᠠ ᠲᠦᠭᠰᠢᠭᠦᠷᠢᠲᠡᠢ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠥᠭᠡᠳ 7 ᠳ᠋ᠤᠭᠠᠷ ᠡᠳᠦᠷ ᠲᠤ ᠪᠦᠭᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠴᠥᠮ ᠪᠢᠯᠢᠭ ᠴᠢᠨᠠᠷ ᠢᠯᠡᠷᠡᠭᠰᠡᠨ ᠪᠣᠯ ᠴᠠᠭ ᠲᠤᠬᠠᠢ ᠳᠤᠨᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠬᠤ ᠬᠡᠷᠡᠭᠲᠡᠢ᠃       

ᠳᠥᠷᠪᠡ ᠳᠤ᠂ ᠰᠠᠭᠤᠭᠠᠯᠢ ᠠᠷᠠᠳ ᠤᠨ ᠡᠷᠦᠭᠡ ᠶᠢᠨ ᠡᠭᠦᠳᠡ᠂ ᠠᠰᠠᠷ ᠤᠨ ᠤᠷᠤᠴᠠ ᠶᠢᠨ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡ ᠶᠢ ᠨᠢᠭᠡ ᠯᠡ ᠳᠡᠭᠡᠷ᠎ᠡ ᠬᠠᠭᠠᠵᠤ ᠪᠤᠯᠬᠤ ᠦᠭᠡᠢ᠂ ᠡᠷᠬᠡᠪᠰᠢ ᠪᠠᠴᠢᠮ ᠪᠠᠶᠢᠳᠠᠯ ᠢ ᠠᠷᠭᠠᠴᠠᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠪᠦᠭᠦ ᠬᠤᠲᠠ ᠶᠢᠨ ᠳᠤᠮᠳᠠ ᠥᠨᠳᠥᠷ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ︵ ᠲᠣᠰᠬᠤᠨ︶ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠢᠭᠡ ᠡᠭᠡᠯᠵᠢ ᠶᠢᠨ ᠪᠦᠭᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠨᠢᠭᠡᠴᠢ ᠶᠢᠨ ᠬᠠᠭᠠᠯᠭ᠎ᠠ᠂ ᠲᠤᠰᠠᠭᠠᠷᠯᠠᠬᠤ ᠬᠠᠰᠢᠯᠭ᠎ᠠ ᠶᠢ ᠵᠥᠪᠭᠡᠨ ᠪᠢᠲᠡᠭᠦᠮᠵᠢᠯᠡᠬᠦ ᠬᠠᠭᠤᠳᠠᠰᠤ ᠨᠠᠭᠠᠬᠤ ᠠᠷᠭ᠎ᠠ ᠮᠠᠶ᠋ᠢᠭ ᠢᠶᠠᠷ ᠪᠢᠲᠡᠭᠦᠮᠵᠢᠯᠡᠵᠦ᠂ ᠡᠭᠦᠳᠡᠨ ᠣᠨᠢᠰᠤ᠂ ᠬᠤᠯᠪᠤᠭᠤᠷ ᠵᠡᠷᠭᠡ ᠣᠨᠢᠰᠤᠯᠠᠨ ᠪᠢᠲᠡᠭᠦᠮᠵᠢᠯᠡᠬᠦ ᠲᠥᠬᠦᠭᠡᠷᠦᠮᠵᠢ ᠲᠣᠬᠢᠷᠠᠭᠤᠯᠬᠤ ᠶᠢ ᠡᠷᠡᠰ ᠬᠤᠷᠢᠭᠯᠠᠨ᠎ᠠ᠃ ᠡᠭᠦᠨ ᠤ ᠬᠠᠮᠲᠤ 24 ᠴᠠᠭ ᠢᠶᠠᠷ ᠲᠣᠭᠤᠷᠢᠨ ᠴᠠᠭᠳᠠᠬᠤ ᠵᠢᠵᠢᠭᠦᠷᠯᠡᠨ ᠰᠠᠬᠢᠬᠤ ᠶᠢ ᠲᠣᠬᠢᠷᠠᠭᠤᠯᠬᠤ ᠶᠢᠨ ᠬᠠᠮᠲᠤ᠂ ᠡᠯᠧᠺᠲᠷᠣᠨ ᠬᠢᠨᠠᠨ ᠡᠵᠡᠮᠳᠡᠬᠦ ᠲᠥᠬᠦᠭᠡᠷᠦᠮᠵᠢ ᠶᠢ ᠭᠦᠢᠴᠡᠳ ᠬᠡᠷᠡᠭᠯᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠡᠷᠪᠡ ᠡᠭᠦᠳᠡ ᠶᠢ  ᠣᠨᠢᠰᠤᠯᠠᠭᠰᠠᠨ ᠬᠡᠷᠡᠭ ᠳᠠᠭᠢᠨ ᠭᠠᠷᠪᠠᠯ᠂ ᠥᠷᠭᠡᠨ ᠣᠯᠠᠨ ᠬᠤᠲᠠ ᠶᠢᠨ ᠠᠷᠠᠳ 12345 ᠳᠤ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠂ ᠡᠭᠦᠨ ᠢ ᠪᠠᠶᠢᠴᠠᠭᠠᠨ ᠲᠣᠳᠣᠯᠠᠮᠠᠭᠴᠠ ᠬᠠᠮᠢᠶ᠎ᠠ ᠪᠦᠬᠦᠢ ᠬᠠᠷᠢᠭᠤᠴᠠᠯᠭᠠᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       

ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠤᠯᠭᠠᠵᠤ ᠪᠠᠴᠢᠮ ᠠᠶᠤᠯᠲᠠᠢ ᠬᠦᠨᠳᠦ ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠪᠠᠷ ᠣᠨᠣᠰᠢᠯᠠᠭᠤᠯᠤᠨ ᠡᠮᠨᠡᠭᠦᠯᠭᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠲᠡᠪᠴᠢᠵᠦ ᠪᠤᠯᠬᠤ ᠦᠭᠡᠢ᠂ ᠡᠷᠬᠡᠪᠰᠢ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠪᠦᠭᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠬᠥᠮᠥᠰ ᠤᠨ ᠪᠠᠶᠢᠳᠠᠯ ᠢ ᠣᠶᠢᠯᠠᠭᠠᠬᠤ ᠠᠵᠢᠯ ᠢ ᠨᠠᠷᠢᠨ ᠨᠢᠮᠪᠠᠢ ᠥᠷᠨᠢᠭᠦᠯᠵᠦ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠴᠢᠰᠤ ᠨᠡᠪᠴᠢᠭᠦᠯᠭᠦ ᠵᠠᠰᠠᠯ ᠠᠪᠤᠭᠰᠠᠳ᠂ ᠮᠡᠳᠡᠷᠡᠯ ᠤᠨ ᠡᠪᠡᠳᠴᠢᠲᠡᠨ᠂ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠣᠨᠴᠠᠭᠠᠢ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠨᠡᠶᠢᠭᠡᠮ ᠲᠣᠭᠤᠷᠢᠭ ᠬᠢᠭᠡᠳ ᠡᠮᠴᠢᠯᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠂ ᠳᠡᠭᠡᠷ᠎ᠡ ᠳᠤᠷᠠᠳᠤᠭᠰᠠᠨ ᠣᠨᠴᠠᠭᠠᠢ ᠬᠥᠮᠥᠰ ᠤᠨ ᠡᠪᠡᠳᠴᠢᠨ ᠦᠵᠡᠭᠦᠯᠭᠦ ᠳᠤ ᠰᠠᠭᠠᠳ ᠦᠭᠡᠢ ᠨᠡᠪᠲᠡᠷᠡᠬᠦ ᠵᠠᠮ ᠢ ᠨᠠᠪᠲᠠᠷᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠪᠠᠲᠤᠯᠠᠬᠤ ᠬᠡᠷᠡᠭᠲᠡᠢ᠃      

 ᠵᠢᠷᠭᠤᠭ᠎ᠠ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠥᠴᠥᠬᠡᠨ ᠴᠦ ᠬᠠᠶᠢᠬᠤᠷᠬᠤ ᠦᠭᠡᠢ᠂ ᠣᠶᠢᠰᠢᠶᠠᠬᠤ ᠦᠭᠡᠢ ᠪᠠᠶᠢᠵᠤ ᠪᠤᠯᠬᠤ ᠦᠭᠡᠢ᠂ ᠡᠷᠬᠡᠪᠰᠢ ᠴᠠᠭ ᠲᠤᠬᠠᠢ ᠳᠤᠨᠢ ᠴᠤᠤᠷᠢᠶᠠᠲᠤᠨ ᠲᠠᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠤᠶᠠᠯᠳᠤᠭᠤᠯᠤᠨ᠂ ᠣᠳᠣᠬᠠᠨ ᠳᠤ ᠬᠠᠩᠭᠠᠵᠤ ᠳᠡᠶᠢᠯᠭᠦ ᠭᠤᠮᠣᠳᠠᠯ ᠱᠠᠭᠠᠷᠳᠠᠯᠭ᠎ᠠ ᠶᠢᠨ ᠲᠤᠬᠠᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠢ ᠬᠠᠪᠰᠤᠷᠤᠨ ᠪᠣᠳᠠᠲᠠᠢ ᠭᠠᠵᠠᠷ ᠲᠤᠨᠢ ᠰᠢᠢᠳᠪᠦᠷᠢᠯᠡᠵᠦ ᠥᠭᠬᠦ ᠭᠡᠷᠡᠭᠲᠡᠢ︔ ᠠᠪᠤᠨ ᠳᠣᠣᠷ᠎ᠠ ᠪᠠᠨ ᠬᠠᠩᠭᠠᠬᠤ ᠳᠤ ᠬᠦᠴᠢᠷᠲᠡᠢ ᠶᠢ ᠨᠢ ᠲᠠᠶᠢᠯᠪᠤᠷᠢᠯᠠᠨ ᠲᠣᠳᠣᠷᠬᠠᠶᠢᠯᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠤᠯᠠᠨ ᠲᠦᠮᠡᠨ ᠳᠤ ᠣᠶᠢᠯᠠᠭᠠᠭᠤᠯᠬᠤ ᠪᠠᠷ ᠴᠢᠷᠮᠠᠶᠢᠬᠤ ᠬᠡᠷᠡᠭᠲᠡᠢ᠃       

ᠳᠣᠯᠤᠭ᠎ᠠ᠂ ᠴᠢᠩᠭᠡᠯᠢᠭ ᠡᠮᠨᠡᠯᠭᠡ ᠶᠢᠨ ᠬᠤᠷᠢᠶ᠎ᠠ ᠠᠴᠠ ᠭᠠᠷᠴᠤ ᠲᠤᠰᠠᠭᠠᠷᠯᠠᠬᠤ ᠴᠢᠬᠤᠯᠠ ᠦᠭᠡᠢ ᠪᠣᠯᠤᠭᠰᠠᠨ ᠬᠥᠮᠥᠰ᠂ ᠨᠤᠲᠤᠭ ᠲᠠᠭᠠᠨ ᠪᠤᠴᠠᠭᠰᠠᠳ ᠤᠨ ᠰᠠᠭᠤᠭᠠᠯᠢ ᠠᠷᠠᠳ ᠤᠨ ᠲᠣᠭᠤᠷᠢᠭ ᠲᠠᠭᠠᠨ ᠣᠷᠣᠬᠤ ᠶᠢ ᠬᠠᠷᠰᠢᠯᠠᠵᠤ ᠪᠤᠯᠬᠤ ᠦᠭᠡᠢ᠂ ᠡᠷᠬᠡᠪᠰᠢ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯ ᠤᠨ ᠵᠣᠯᠭᠠᠯᠴᠠᠭ᠎ᠠ ᠶᠢ ᠴᠢᠩᠭᠠᠳᠬᠠᠨ᠂ ᠴᠢᠩᠭᠡᠯᠢᠭ ᠡᠮᠨᠡᠯᠭᠡ ᠶᠢᠨ ᠬᠤᠷᠢᠶ᠎ᠠ ᠠᠴᠠ ᠭᠠᠷᠤᠭᠰᠠᠨ ᠲᠤᠰᠠᠭᠠᠷᠯᠠᠬᠤ ᠴᠢᠬᠤᠯᠠ ᠦᠭᠡᠢ ᠪᠣᠯᠤᠭᠰᠠᠨ ᠬᠥᠮᠥᠰ᠂ ᠨᠤᠲᠤᠭ ᠲᠠᠭᠠᠨ ᠪᠤᠴᠠᠭᠰᠠᠳ ᠤᠨ ᠤᠷᠤᠭᠰᠢᠲᠠᠢ ᠪᠠᠷ ᠭᠡᠷ ᠲᠡᠭᠡᠨ ᠬᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ᠃       

ᠡᠭᠦᠨ ᠤ ᠲᠠᠷᠠᠭ᠎ᠠ᠂ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠳᠦᠰᠦᠯᠡᠨ᠂ ᠨᠡᠶᠢᠲᠡ ᠶᠢᠨ ᠵᠠᠮ ᠬᠠᠷᠢᠯᠴᠠᠭ᠎ᠠ᠂ ᠭᠠᠵᠠᠷ ᠳᠣᠣᠷᠠᠬᠢ ᠲᠡᠮᠦᠷ ᠵᠠᠮ ᠤᠨ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠃ ᠬᠠᠮᠢᠶ᠎ᠠ ᠪᠦᠬᠦᠢ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠯᠪᠠᠨ ᠵᠠᠷᠯᠠᠯ ᠠᠴᠠ ᠠᠩᠬᠠᠷᠤᠭᠠᠷᠠᠢ᠃  

 

 

 


   :                    
   :           
备案序号:蒙ICP备05003250号 公安备案15010502000173