ᠵᠤᠬᠢᠶᠠᠭᠴᠢ: ᠴᠠᠭ:2024-03-29 ᠥᠵᠡᠭᠰᠡᠨ : ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠂ ᠰᠢᠲᠠᠮᠠᠬᠠᠢ ᠬᠡᠢ ᠶᠢᠨ ᠠᠶᠤᠯ ᠦᠭᠡᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠬᠦ᠂ ︽ᠨᠢᠭᠡ ᠴᠣᠭᠴᠠᠵᠢᠭᠤᠯᠬᠤ ᠢᠨᠵᠧᠨᠧᠷᠢᠩ︾ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ

 

ᠪᠣᠣ ᠭᠠᠩ ᠬᠤᠷᠠᠯ ᠢ ᠡᠷᠬᠢᠯᠡᠵᠠᠢ

2024  3  ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠂ ᠮᠠᠨ ᠤ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ᠂ ᠴᠢᠳᠠᠪᠤᠷᠢᠲᠠᠨ᠂ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃

ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠤᠶᠢᠪᠢᠰᠢ  ᠂  ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤᠳᠬᠠᠵᠤ᠂ 《ᠬᠡᠵᠢᠶ᠎ᠡ ᠴᠦ ᠰᠠᠨᠠᠭ᠎ᠠ ᠠᠮᠤᠷ ᠪᠠᠶᠢᠬᠤ ᠦᠭᠡᠢ》 ᠬᠠᠷᠢᠭᠤᠴᠠᠯᠭᠠᠲᠤ ᠰᠡᠳᠬᠢᠯᠭᠡ ᠪᠠᠷ ᠰᠢᠲᠠᠮᠠᠬᠠᠢ ᠬᠡᠢ ᠶᠢᠨ ᠠᠶᠤᠯ ᠦᠭᠡᠢ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠢᠲᠠᠮᠠᠬᠠᠢ ᠬᠡᠢ ᠶᠢᠨ ᠬᠤᠭᠤᠯᠠᠢ ᠶᠢᠨ ᠠᠶᠤᠯ ᠦᠭᠡᠢ ᠶᠢᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠡᠬᠢ ᠡᠭᠦᠰᠦᠯ ᠠᠴᠠ ᠨᠢ ᠦᠨᠡᠨᠬᠦ ᠰᠡᠷᠭᠡᠶᠢᠯᠡᠨ ᠠᠷᠢᠯᠭᠠᠬᠤ ᠬᠡᠷᠡᠭᠲᠡᠢ᠃ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠰᠢᠨᠡᠴᠢᠯᠡᠯᠲᠡ᠂ ᠬᠠᠭᠤᠴᠢᠨ ᠰᠠᠭᠤᠭᠠᠯᠢ ᠲᠣᠭᠣᠷᠢᠭ ᠢ ᠥᠭᠡᠷᠡᠴᠢᠯᠡᠬᠦ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ  ᠯᠤᠭ᠎ᠠ ᠨᠢᠭᠡ ᠴᠣᠭᠴᠠᠵᠢᠭᠤᠯᠤᠨ ᠪᠣᠳᠣᠯᠬᠢᠯᠠᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠶᠤᠯ ᠦᠭᠡᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠳᠦᠷ ᠲᠤᠳᠤᠮ ᠤᠨ ᠠᠵᠢᠯ ᠳᠠᠭᠠᠨ ᠠᠳᠬᠤᠵᠤ᠂ ᠪᠠᠶᠢᠩᠭᠤ ᠬᠠᠮᠢᠶᠠᠷᠴᠤ᠂ ᠠᠶᠤᠯ ᠦᠭᠡᠢ ᠶᠢᠨ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠤᠳᠠ ᠶᠢᠨ ᠶᠡᠭᠡ ᠲᠠᠷᠢᠬᠢ ᠶᠢ ᠰᠠᠶᠢᠲᠤᠷ ᠬᠡᠷᠡᠭᠯᠡᠵᠦ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠵᠢᠴᠢ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ᠂ ᠣᠶᠤᠨᠴᠢᠯᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠡᠷᠲᠡ ᠠᠴᠠ ᠤᠷᠢᠳᠴᠢᠯᠠᠨ ᠰᠡᠷᠡᠮᠵᠢᠯᠡᠭᠦᠯᠵᠦ᠂ ᠣᠨᠣᠪᠴᠢᠲᠠᠢ ᠢᠯᠭᠠᠨ ᠲᠠᠨᠢᠵᠤ᠂ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠡᠢ᠃

ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ  ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠵᠦᠭ ᠦᠷᠭᠦᠯᠵᠢᠯᠡᠨ ᠤᠷᠤᠭᠰᠢᠯᠠᠭᠤᠯᠵᠤ᠂ ᠬᠢᠮᠡᠯ ᠤᠶᠤᠨ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ᠂ ᠠᠮᠢᠳᠤ ᠪᠣᠳᠠᠰ ᠤᠨ ᠦᠢᠯᠡᠳᠬᠡᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤᠨ ᠳᠠᠭᠠᠭᠤᠯᠢ ᠤᠳᠤ᠂ ᠳᠣᠣᠷ᠎ᠠ ᠣᠭᠲᠠᠷᠭᠤᠢ ᠶᠢᠨ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠬᠥᠲᠥᠯᠬᠦ ᠴᠢᠨᠠᠷ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠡᠷᠡᠭᠲᠡᠢ᠃ 《ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ》 ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠲᠣᠭᠲᠠᠭᠤᠨ ᠢᠶᠠᠷ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠶᠤᠯ ᠦᠭᠡᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠢ ᠬᠡᠯᠪᠡᠷᠢᠴᠢ ᠦᠵᠡᠯ ᠤᠨ ᠬᠦᠯᠢᠶᠡᠰᠦᠯᠡᠯ ᠠᠴᠠ ᠦᠨᠡᠨ ᠬᠦ ᠠᠩᠭᠢᠵᠢᠷᠠᠭᠤᠯᠵᠤ᠂ ᠨᠡᠩ ᠰᠠᠶᠢᠨ ᠢᠶᠠᠷ ᠠᠵᠢᠯ ᠶᠠᠪᠤᠳᠠᠯ ᠪᠦᠲᠦᠭᠡᠵᠦ᠂ ᠤᠯᠠᠨ ᠲᠦᠮᠡᠨ ᠳᠤ ᠦᠢᠯᠡᠴᠢᠯᠡᠬᠦ ᠪᠣᠯᠭᠠᠬᠤ ᠬᠡᠷᠡᠭᠲᠡᠢ ᠭᠡᠵᠡᠢ᠃

ᠬᠤᠷᠠᠯ ᠠᠴᠠ ᠴᠢᠬᠤᠯᠠᠴᠢᠯᠠᠭᠰᠠᠨ  ᠨᠢ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ  ᠨᠢᠭᠡ ᠦᠶ᠎ᠡ ᠶᠢᠨ ᠴᠢᠷᠮᠠᠶᠢᠯᠭ᠎ᠠ ᠮᠢᠩᠭᠠᠨ ᠦᠶ᠎ᠡ ᠶᠢᠨ ᠠᠰᠢᠭ ᠲᠠᠢ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠲᠦᠷᠭᠡᠨ ᠠᠬᠢᠭᠤᠯᠵᠤ᠂ 《ᠤᠮᠠᠷᠠᠲᠤ ᠶᠢᠨ ᠭᠤᠷᠪᠠᠨ ᠣᠷᠣᠨ》ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠠ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠨᠣᠭᠤᠭᠠᠨ ᠴᠠᠬᠢᠯᠭᠠᠨ ᠢ ᠰᠢᠩᠭᠡᠬᠡᠨ ᠠᠪᠬᠤ ᠶᠢ ᠶᠡᠬᠡᠪᠡᠷ ᠠᠬᠢᠭᠤᠯᠵᠤ᠂ ᠰᠠᠯᠬᠢ ᠭᠡᠷᠡᠯ ᠤᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃

ᠬᠤᠷᠠᠯ ᠠᠴᠠ ᠱᠠᠭᠠᠷᠳᠠᠭᠰᠠᠨ ᠨᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠠᠯ ᠤᠨ ᠡᠬᠢ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠵᠠᠩᠭᠢᠯᠠᠭ᠎ᠠ ᠶᠢᠨ ᠴᠠᠭ ᠢ ᠴᠢᠩᠭ᠎ᠠ ᠠᠩᠬᠠᠷᠴᠤ᠂ ᠪᠣᠯᠪᠠᠰᠤᠨ  ᠲᠠᠬᠢᠯᠭ᠎ᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠭᠠᠯ ᠤᠨ ᠪᠠᠶᠢᠳᠠᠯ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃

ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠠᠵᠢᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠳᠠᠶᠢᠴᠢᠯᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠬᠡᠷᠡᠭᠲᠡᠢ᠃ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠠᠬᠢᠨ ᠲᠠᠪᠤᠨ ᠲᠦᠮᠡᠨ ᠣᠶᠤᠲᠠᠨ ᠢ ᠦᠯᠡᠳᠡᠭᠡᠬᠦ ᠲᠤᠰᠬᠠᠢ ᠠᠵᠢᠯᠯᠠᠭ᠎ᠠ ᠪᠠ ᠬᠥᠮᠥᠨ ᠣᠷᠣᠭᠤᠯᠤᠨ ᠠᠪᠴᠢᠷᠠᠬᠤ 18 ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠬᠥᠮᠥᠨ ᠲᠠᠲᠠᠵᠤ ᠬᠥᠬᠡᠬᠤᠲᠠ ᠳᠤ ᠣᠷᠣᠭᠤᠯᠵᠤ ᠢᠷᠠᠨ᠂ ᠴᠢᠳᠠᠪᠤᠷᠢᠲᠠᠨ ᠢ ᠴᠤᠭᠯᠠᠭᠤᠯᠤᠨ ᠬᠤᠳᠠ ᠪᠠᠨ ᠬᠥᠭᠵᠢᠭᠦᠯᠬᠦ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠬᠤ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠤᠳᠤᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠡᠯ᠎ᠡ ᠲᠦᠷᠦᠯ ᠤᠨ ᠬᠢᠨᠠᠯᠲᠠ ᠶᠢ ᠪᠦᠲᠦᠮᠵᠢᠲᠡᠢ ᠨᠡᠪᠲᠡᠷᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠡᠢ᠃

 

 


   :                    
   :           
备案序号:蒙ICP备05003250号 公安备案15010502000173