ᠵᠤᠬᠢᠶᠠᠭᠴᠢ:
ᠴᠠᠭ:2024-05-24
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠥᠬᠡᠬᠤᠲᠠ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠨᠣᠷᠮ᠎ᠠ ᠶᠢ ᠪᠠᠭᠤᠷᠠᠭᠤᠯᠪᠠ
ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠥᠪ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠣᠭᠲᠠᠭᠠᠯ ᠢ ᠦᠨᠳᠦᠰᠦᠯᠡᠪᠡᠯ᠂ 5 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠨᠣᠷᠮ᠎ᠠ ᠶᠢ 0.25 ᠵᠠᠭᠤᠨ ᠤ ᠴᠡᠭ ᠢᠶᠠᠷ ᠪᠠᠭᠤᠷᠠᠭᠤᠯᠪᠠ᠃ ᠪᠣᠳᠠᠲᠠᠢ ᠪᠠᠭᠤᠷᠠᠭᠤᠯᠤᠭᠰᠠᠨ ᠪᠠᠶᠢᠳᠠᠯ ᠨᠢ ᠳᠠᠷᠠᠭᠠᠬᠢ ᠮᠡᠲᠦ᠄
ᠠᠩᠬᠠᠨ ᠤ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠨᠣᠷᠮ᠎ᠠ ᠳᠤ 5 ᠵᠢᠯ ᠠᠴᠠ ᠳᠣᠷᠣᠭᠰᠢᠬᠢ︵5 ᠵᠢᠯ ᠪᠠᠭᠲᠠᠨ᠎ᠠ︶ ᠶᠢ ᠨᠢ ᠣᠲᠣ ᠶᠢᠨ ᠬᠡᠷᠡᠭᠵᠢᠭᠦᠯᠵᠦ ᠪᠠᠶᠢᠭ᠎ᠠ 2.60% ᠪᠠᠶᠢᠭᠰᠠᠨ ᠠᠴᠠ 2.35% ᠪᠣᠯᠭᠠᠨ ᠪᠠᠭᠤᠷᠠᠭᠤᠯᠵᠤ᠂ ᠲᠠᠪᠤᠨ ᠵᠢᠯ ᠠᠴᠠ ᠳᠡᠭᠡᠭᠰᠢᠬᠢ ᠶᠢ ᠨᠢ ᠣᠲᠣ ᠶᠢᠨ ᠬᠡᠷᠡᠭᠵᠢᠭᠦᠯᠵᠦ ᠪᠠᠶᠢᠭ᠎ᠠ 3.10% ᠪᠠᠶᠢᠭᠰᠠᠨ ᠠᠴᠠ 2.85% ᠪᠣᠯᠭᠠᠨ ᠪᠠᠭᠤᠷᠠᠭᠤᠯᠪᠠ᠃
ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠨᠣᠷᠮ᠎ᠠ ᠳᠤ 5 ᠵᠢᠯ ᠠᠴᠠ ᠳᠣᠷᠣᠭᠰᠢᠬᠢ︵5 ᠵᠢᠯ ᠪᠠᠭᠲᠠᠨ᠎ᠠ︶ ᠶᠢ ᠨᠢ ᠣᠲᠣ ᠶᠢᠨ ᠬᠡᠷᠡᠭᠵᠢᠭᠦᠯᠵᠦ ᠪᠠᠶᠢᠭ᠎ᠠ 3.025% ᠶᠢ 2.775% ᠠᠴᠠ ᠳᠣᠣᠷᠠᠳᠠᠭᠤᠯᠬᠤ ᠦᠭᠡᠢ ᠪᠠᠷ ᠲᠣᠬᠢᠷᠠᠭᠤᠯᠵᠤ᠂ ᠲᠠᠪᠤᠨ ᠵᠢᠯ ᠠᠴᠠ ᠳᠡᠭᠡᠭᠰᠢᠬᠢ ᠶᠢ ᠨᠢ ᠣᠲᠣ ᠶᠢᠨ ᠬᠡᠷᠡᠭᠵᠢᠭᠦᠯᠵᠦ ᠪᠠᠶᠢᠭ᠎ᠠ 3.575% ᠶᠢ 3.325% ᠠᠴᠠ ᠳᠣᠣᠷᠠᠳᠠᠭᠤᠯᠬᠤ ᠦᠭᠡᠢ ᠪᠠᠷ ᠲᠣᠬᠢᠷᠠᠭᠤᠯᠪᠠ᠃
5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠷᠬᠠᠭᠠᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠦ ᠮᠥᠩᠭᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃
5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠭᠦᠢᠴᠡᠳᠬᠡᠬᠦ ᠪᠠᠷ ᠭᠥᠯᠢᠶᠡᠨ ᠠᠪᠤᠭᠰᠠᠨ ᠴᠤ ᠲᠠᠯᠪᠢᠭᠠᠳᠤᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢ ᠲᠠᠯᠪᠢᠬᠤ ᠳᠤ ᠪᠠᠨ ᠬᠦᠦ ᠮᠥᠩᠭᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃