ᠵᠤᠬᠢᠶᠠᠭᠴᠢ: ᠴᠠᠭ:2024-09-30 ᠥᠵᠡᠭᠰᠡᠨ : ᠢᠷᠡᠯᠲᠡ:  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ 

 

2024  9  ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃

ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 9 ᠳ᠋ᠦ᠋ᠭᠡᠷ ᠰᠠᠷ᠎ᠠ ᠶᠢᠨ 26 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠦᠯᠦᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠬᠢ ᠡᠷᠬᠢᠯᠡᠭᠰᠡᠨ 70 ᠵᠢᠯ ᠤᠨ ᠤᠢ ᠶᠢᠨ ᠲᠠᠰᠢᠷᠠᠮ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠡᠷᠡ ᠶᠣᠰᠣᠭᠠᠷ ᠨᠢ  ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠶᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠷᠠᠳ ᠡᠴᠡ  ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ᠃ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠪᠠᠷ ᠪᠤᠶᠢᠵᠢᠭᠤᠯᠬᠤ ᠡᠷᠴᠢᠮ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠵᠢᠭᠦᠯᠬᠦ ᠬᠡᠷᠡᠭᠲᠡᠶ᠃ ᠬᠡᠷᠡᠭᠯᠡᠭᠡ ᠶᠢ ᠬᠦᠴᠦᠯᠡᠨ ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠡᠷ ᠪᠠᠶᠢᠰᠢᠩ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠵᠠᠷ ᠰᠢᠷᠣᠶ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠢᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠶᠢ ᠪᠠᠲᠤ ᠰᠠᠬᠢᠵᠤ᠂ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠠᠯᠠᠭᠤᠨ ᠳᠤᠯᠠᠭᠠᠨ ᠤ ᠢᠨᠵᠧᠨᠧᠷᠢᠩ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ  ᠨᠦᠭᠥᠳ ᠦᠨ ᠨᠠᠰᠤᠲᠠᠨ ᠠᠰᠠᠷᠠᠬᠤ᠂ ᠬᠡᠦᠬᠡᠳ ᠰᠠᠭᠠᠲᠠᠭᠤᠯᠬᠤ ᠠᠵᠤ ᠦᠢᠯᠡᠰ ᠢ ᠬᠥᠭᠵᠢᠭᠦᠯᠬᠦ ᠶᠢ ᠳᠡᠮᠵᠢᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠰᠤᠲᠠ ᠠᠰᠠᠷᠠᠬᠤ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠦᠬᠡᠳ ᠠᠪᠬᠤ ᠪᠠ ᠬᠡᠦᠬᠡᠳ ᠤᠨ ᠡᠮ ᠡᠮᠨᠡᠯᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠂ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ ᠭᠡᠵᠡᠢ᠃

ᠬᠤᠷᠠᠯ ᠠᠴᠠ ᠴᠢᠬᠤᠯᠠᠴᠢᠯᠠᠭᠰᠠᠨ ᠨᠢ᠂《ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠤᠯᠠᠨ ᠶᠠᠩᠵᠤ ᠶᠢᠨ ᠬᠥᠭᠵᠢᠯᠲᠡ ᠶᠢ ᠲᠦᠷᠭᠡᠳᠬᠡᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠲᠣᠭᠲᠠᠭᠤᠨ ᠢᠶᠠᠷ ᠥᠷᠭᠡᠳᠬᠡᠬᠦ ᠬᠡᠷᠡᠭᠲᠡᠢ᠃ ᠠᠵᠢᠯ ᠣᠯᠭᠤᠯᠲᠠ ᠶᠢᠨ ᠪᠠᠶᠢᠳᠠᠯ ᠢ ᠰᠢᠨᠵᠢᠯᠡᠭᠡᠨ ᠤ ᠰᠠᠯᠠᠭᠠᠨ ᠤ ᠪᠠᠶᠢᠷᠢᠯᠠᠭᠤᠯᠤᠯᠲᠠ ᠪᠠ ᠰᠤᠷᠭᠠᠨ ᠬᠥᠮᠦᠵᠢᠯ ᠢ ᠦᠨᠡᠯᠡᠨ ᠵᠢᠱᠢᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠡᠷᠡᠭᠴᠡᠭᠡ ᠯᠤᠭᠡ ᠣᠨᠣᠪᠴᠢᠲᠠᠢ ᠵᠣᠯᠭᠠᠭᠤᠯᠵᠤ᠂ ᠨᠡᠩ ᠤᠯᠠᠨ ᠵᠠᠬ᠎ᠠ ᠳᠡᠯᠭᠡᠭᠦᠷ ᠤᠨ ᠬᠡᠷᠡᠭᠴᠡᠭᠡ ᠯᠤᠭᠡ ᠨᠢᠭᠲᠠ ᠠᠪᠴᠠᠯᠳᠤᠭᠰᠠᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠲᠤᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡ‍ᠳ᠂ ᠬᠥᠯᠥᠰᠥᠨ ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠳᠡᠯᠮᠦᠷᠢ ᠬᠦᠴᠦᠨ᠂ ᠴᠢᠳᠠᠪᠤᠷᠢᠲᠠᠨ ᠤ ᠰᠢᠯᠵᠢᠯᠲᠡ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠡᠷᠦᠬᠡ ᠠᠮᠠ ᠶᠢᠨ ᠲᠠᠩᠰᠠ᠂ ᠬᠥᠮᠦᠨ ᠬᠡᠷᠡᠭᠯᠡᠬᠦ ᠵᠡᠷᠭᠡ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠬᠥᠬᠡᠬᠤᠲᠠ ᠳᠤ ᠦᠯᠡᠳᠡᠬᠦ ᠶᠢᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠪᠡ᠃

ᠬᠤᠷᠠᠯ ᠠᠴᠠ ᠳᠠᠯᠠᠨ ᠬᠠᠷ᠎ᠠ ᠠᠭᠤᠯᠠ ᠶᠢᠨ ᠬᠥᠬᠡᠬᠤᠲᠠ ᠶᠢᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠠᠮᠢ ᠠᠬᠤᠢ ᠶᠢᠨ ᠵᠢᠭᠤᠯᠴᠢᠯᠠᠯ ᠤᠨ ᠬᠥᠭᠵᠢᠯᠲᠡ ᠶᠢᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠣᠯᠤᠨ ᠠᠰᠢᠭᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠠᠭᠤᠯᠠ ᠶᠢᠨ ᠨᠢᠴᠦᠬᠦᠨ ᠪᠠᠶᠢᠭ᠎ᠠ ᠣᠷᠣᠨ ᠪᠦᠰᠡ ᠶᠢ ᠰᠡᠷᠭᠦᠭᠡᠬᠦ᠂ ᠠᠭᠤᠷᠬᠠᠢ ᠶᠢ ᠵᠠᠰᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠰᠢᠰᠲ᠋ᠧᠮ ᠲᠠᠢ ᠲᠥᠯᠥᠪᠵᠢᠭᠦᠯᠬᠦ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠵᠤ᠂ ᠬᠠᠮᠠᠭᠠᠯᠠᠬᠤ ᠤᠷᠢᠲᠠᠯ ᠳᠣᠣᠷ᠎ᠠ᠂ ᠠᠮᠢ ᠠᠬᠤᠢ ᠶᠢᠨ ᠣᠶᠢᠯᠠᠭᠠᠭᠳᠠᠬᠤᠨ ᠢᠶᠠᠷ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠵᠢᠭᠤᠯᠴᠢᠯᠠᠯ ᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠵᠠᠮ ᠳᠠᠭᠠᠤ ᠶᠢᠨ ᠵᠠᠮ ᠢ ᠠᠷᠠᠴᠢᠯᠠᠨ ᠬᠠᠮᠠᠭᠠᠯᠠᠬᠤ ᠪᠠ ᠢᠵᠢ ᠪᠦᠷᠢᠳᠦᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠵᠦ᠂ ᠭᠡᠷᠡᠯ ᠵᠢᠷᠤᠭ ᠠᠪᠬᠤ ᠰᠣᠳᠣᠨ ᠴᠡᠭ ᠵᠢᠴᠢ ᠦᠵᠡᠮᠵᠢ ᠰᠣᠨᠢᠷᠬᠠᠬᠤ ᠲᠠᠪᠴᠠᠩ ᠢ ᠵᠦᠶ ᠵᠣᠬᠢᠰᠲᠠᠶ ᠪᠠᠶᠢᠷᠢᠯᠠᠭᠤᠯᠵᠤ᠂ ᠬᠤᠲᠠ ᠶᠢᠨ ᠠᠷᠠᠳ ᠤᠨ ᠪᠠᠶᠢᠭᠠᠯᠢ ᠲᠠᠢ ᠣᠶᠢᠷᠠᠲᠤᠬᠤ᠂ ᠰᠡᠯᠡᠭᠦᠴᠡᠨ ᠵᠤᠭᠠᠴᠠᠬᠤ᠂ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠡᠢ᠃

ᠬᠤᠷᠠᠯ ᠠᠴᠠ ᠮᠠᠨ ᠤ ᠬᠤᠲᠠ ᠶᠢᠨ ᠲᠦᠷᠦᠭᠦᠦ ᠭᠤᠷᠪᠠᠨ ᠤᠯᠠᠷᠢᠯ ᠤᠨ ᠵᠠᠬᠢᠳᠠᠯ ᠂   ᠦᠢᠯᠡᠳᠪᠦᠷᠢᠯᠡᠯ ᠪᠣᠯᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠣᠷᠪᠣᠯᠵᠢᠯᠠᠯ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ᠂ ᠬᠤᠳᠠ ᠶᠢᠨ ᠬᠤᠭᠤᠯᠠᠢ ᠲᠣᠣᠷ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠶᠢᠨ ᠦᠢᠯᠡᠳᠬᠦᠨ᠂ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠬᠤᠳᠠᠯᠳᠤᠭᠠᠨ ᠤ ᠲᠠᠯᠠᠪᠤᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠵᠢᠴᠢ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ ᠪᠠᠷᠠᠭᠠᠨ ᠤ ᠢᠷᠡᠯᠳᠡ ᠶᠢ ᠢᠳᠡᠪᠬᠢᠲᠡᠢ ᠥᠷᠭᠡᠳᠬᠡᠵᠦ᠂ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠨᠤᠭᠤᠭ᠎ᠠ᠂ ᠪᠤᠳᠠᠭ᠎ᠠ᠂ ᠵᠢᠮᠢᠰ ᠵᠡᠷᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠨᠳᠦ ᠶᠡᠭᠡ ᠪᠠᠴᠢᠮ ᠭᠡᠨᠡᠳᠲᠡ ᠶᠢᠨ ᠪᠠᠶᠢᠳᠠᠯ ᠢ ᠲᠣᠬᠢᠲᠠᠢ ᠠᠷᠭᠠᠴᠠ‍ᠵᠦ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠤᠯᠤᠰ ᠤᠨ ᠪᠠᠶᠠᠷ ᠤᠨ ᠠᠮᠠᠷᠠᠯᠲᠠ ᠪᠠᠨ ᠦᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃

 

 


   :                    
   :           
备案序号:蒙ICP备05003250号 公安备案15010502000173