ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠂ ᠨᠢᠭᠡᠳᠦᠮᠡᠯ ᠹᠷᠣᠨᠲ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
2025 ᠣᠨ ᠤ 2 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠡᠷᠡᠰ ᠭᠤᠶᠢᠪᠢᠰᠢ ᠦᠭᠡᠢ ᠠᠵᠢᠯᠯᠠᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ᠂ ᠰᠢᠨ᠎ᠡ ᠶᠢ ᠡᠭᠦᠳᠬᠦ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠲᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ᠂ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠠᠰᠠᠭᠤᠳᠠᠯ ᠪᠠᠶᠢᠪᠠᠯ ᠵᠠᠪᠠᠯ ᠬᠠᠷᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠡᠶᠢᠲᠡᠯᠡᠭᠰᠡᠨ ᠲᠦᠷᠦ ᠶᠢᠨ ᠪᠤᠳᠤᠯᠭ᠎ᠠ ᠶᠢ ᠰᠠᠶᠢᠲᠤᠷ ᠪᠡᠶᠡᠯᠡᠭᠦᠯᠵᠦ᠂ ᠵᠥᠪᠰᠢᠶᠡᠷᠡᠭᠰᠡᠨ ᠶᠠᠪᠤᠳᠠᠯ ᠢ ᠵᠠᠪᠠᠯ ᠪᠡᠶᠡᠯᠡᠭᠦᠯᠦᠨ᠎ᠡ᠂ ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠡᠴᠡ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃《ᠦᠨᠡᠨ》 ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ《ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ》ᠭᠡᠬᠦ ᠴᠢᠬᠤᠯᠠ ᠵᠣᠬᠢᠶᠠᠯ ᠢ ᠭᠦᠨᠵᠡᠭᠡᠶ ᠰᠤᠷᠤᠯᠴᠠᠵᠤ᠂ ᠵᠣᠬᠢᠶᠠᠨ ᠪᠠᠶᠢᠭᠤᠯᠤᠯᠲᠠ᠂ ᠰᠤᠷᠭᠠᠨ ᠬᠥᠮᠥᠵᠢᠯ᠂ ᠬᠢᠨᠠᠨ ᠬᠠᠮᠢᠶᠠᠷᠤᠯᠲᠠ᠂ ᠲᠦᠷᠢᠮ᠂ ᠬᠠᠷᠢᠭᠤᠴᠠᠯᠭ᠎ᠠ《ᠲᠠᠪᠤᠨ ᠶᠡᠭᠡ ᠰᠢᠰᠲ᠋ᠧᠮ》 ᠤᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠥᠬᠡᠶ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ ᠭᠡᠵᠡᠢ᠃
ᠬᠤᠷᠠᠯ ᠠᠴᠠ 2025 ᠣᠨ ᠤ ᠨᠢᠭᠡᠳᠦᠭᠡᠷ ᠤᠯᠠᠷᠢᠯ ᠳᠤ ᠲᠥᠪ ᠤᠨ ᠳᠠᠪᠬᠤᠷᠭ᠎ᠠ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂《ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ》ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠭᠡᠵᠦ᠂ ᠲᠣᠰᠬᠤᠨ︵ᠨᠡᠶᠢᠭᠡᠮ ᠲᠣᠭᠤᠷᠢᠭ︶ ᠤ ᠠᠵᠢᠯ ᠤᠨ ᠶᠠᠪᠤᠳᠠᠯ᠂ ᠲᠣᠭᠲᠠᠴᠠ ᠶᠢᠨ ᠫᠠᠶᠢᠰᠠ ᠲᠡᠮᠳᠡᠭ ᠪᠣᠯᠤᠨ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠰᠢᠯᠭᠠᠯᠲᠠ ᠶᠢ ᠵᠢᠷᠤᠮᠵᠢᠭᠤᠯᠤᠨ ᠰᠢᠯᠢᠳᠡᠭᠵᠢᠭᠦᠯᠵᠦ᠂ 《ᠬᠤᠷᠤᠭᠤᠨ ᠳᠡᠭᠡᠷᠡᠬᠢ ᠬᠡᠯᠪᠡᠷᠢᠴᠢ ᠦᠵᠡᠯ》 ᠢ ᠡᠷᠡᠰ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠺᠠᠳ᠋ᠷ ᠤᠨ ᠦᠰᠦᠨ ᠪᠤᠶᠢᠵᠢᠬᠤ ᠣᠷᠣᠨ ᠵᠠᠢ ᠶᠢ ᠥᠷᠭᠡᠳᠬᠡᠵᠦ᠂ ᠦᠨᠳᠦᠰᠦᠨ ᠱᠠᠲᠤᠨ ᠤ ᠨᠡᠩ ᠤᠯᠠᠨ ᠴᠠᠭ ᠪᠣᠯᠤᠨ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠳᠡᠭᠡᠷ᠎ᠡ ᠲᠠᠯᠪᠢᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠲᠤᠩᠭᠠᠯᠠᠭ ᠰᠠᠶᠢᠬᠠᠨ ᠰᠦᠯᠵᠢᠶᠡᠨ ᠤ ᠣᠷᠣᠨ ᠵᠠᠶ ᠶᠢ ᠰᠠᠬᠢᠨ ᠬᠠᠮᠠᠭᠠᠯᠠᠵᠤ᠂ ᠣᠷᠣᠨ ᠤ ᠲᠥᠪ ᠬᠤᠲᠠ ᠶᠢᠨ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠶᠢ ᠰᠠᠶᠢᠲᠤᠷ ᠶᠠᠷᠢᠵᠤ᠂ ᠺᠠᠳ᠋ᠷ ᠣᠯᠠᠨ ᠲᠦᠮᠡᠨ ᠤ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠬᠥᠭᠵᠢᠭᠡᠬᠦ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠤᠨ ᠦᠵᠡᠰᠬᠦᠯᠡᠩ ᠤᠨ ᠲᠠᠯᠠᠪᠤᠷ ᠣᠷᠳᠣᠨ᠂ ᠦᠵᠡᠮᠵᠢ ᠶᠢᠨ ᠣᠷᠣᠨ ᠬᠠᠯᠠᠮ ᠴᠡᠭ ᠪᠣᠯᠤᠨ ᠵᠢᠭᠤᠯᠴᠢᠯᠠᠯ ᠤᠨ ᠵᠠᠮ ᠱᠤᠭᠤᠮ ᠤᠨ ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠤᠯᠠᠨ ᠲᠦᠮᠡᠨ ᠳᠤ ᠰᠣᠶᠣᠯ ᠤᠨ ᠠᠰᠢᠭ ᠰᠢᠮ᠎ᠡ ᠶᠢ ᠬᠦᠷᠲᠡᠭᠡᠬᠦ ᠬᠡᠷᠡᠭᠲᠡᠢ᠃ ᠰᠣᠶᠣᠯ ᠪᠠ ᠬᠢᠮᠡᠯ ᠣᠶᠤᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠨ᠎ᠡ ᠬᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ ᠃
ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠨᠢᠭᠡᠳᠦᠮᠡᠯ ᠹᠷᠣᠨᠲ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠤᠯᠠᠷᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ 2024 ᠣᠨ ᠤ ᠬᠢᠨᠠᠨ ᠰᠢᠯᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠬᠥᠬᠡᠬᠤᠲᠠ ᠶᠢᠨ 2025 ᠣᠨ ᠤ ᠲᠥᠷᠥ ᠶᠢᠨ ᠨᠠᠮ ᠤᠨ ᠵᠥᠪᠯᠡᠬᠦ ᠲᠥᠯᠥᠪᠯᠡᠭᠡ》 ᠶᠢ ᠬᠢᠨᠠᠨ ᠵᠥᠪᠯᠡᠪᠡ᠃