ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ:
ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠪᠣᠣ ᠭᠠᠩ ᠬᠤᠷᠠᠯ ᠢ ᠡᠷᠬᠢᠯᠡᠪᠡ
2025 3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠲᠥᠪ ᠤᠨ ᠤᠯᠤᠰ ᠲᠥᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 《ᠠᠵᠤ ᠠᠬᠤᠢ ᠶᠢᠨ ᠠᠵᠢᠯ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠢ》 《︿ᠬᠤᠶᠠᠷ ᠤᠭᠲᠤ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ》 ᠬᠡᠭᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ 《ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠯᠭ᠎ᠠ ᠬᠥᠮᠦᠵᠢᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ》 ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠠᠮᠢᠶ᠎ᠠ ᠪᠦᠬᠦᠢ ᠠᠵᠢᠯ ᠤᠨ ᠲᠥᠰᠦᠯ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠫᠢᠩ ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠶᠢ ᠠᠬᠢᠭᠤᠯᠬᠤ ᠲᠠᠯ᠎ᠠ ᠪᠠᠷ ᠬᠦᠴᠦᠯᠡᠵᠦ᠂ ᠬᠢᠮᠡᠯ ᠤᠶᠤᠨ᠂ ᠨᠡᠶᠢᠯᠡᠮᠡᠯ ᠠᠮᠢᠳᠤ ᠪᠣᠳᠠᠰ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠵᠡᠷᠭᠡ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠨᠤᠷᠮ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠵᠠᠪᠰᠠᠷ ᠦᠭᠡᠢ ᠵᠣᠯᠭᠠᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠠᠷᠭ᠎ᠠ ᠭᠠᠷᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠡᠤᠬᠡᠳ ᠰᠠᠭᠠᠲᠠᠭᠤᠯᠬᠤ ᠠᠵᠢᠯ ᠢ ᠨᠢᠭᠡ ᠴᠤᠭᠴᠠᠵᠢᠭᠤᠯᠬᠤ᠂ ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠶ᠃ ᠬᠥᠮᠦᠨ ᠠᠮᠠ ᠶᠢ ᠲᠥᠪᠯᠡᠷᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ 《ᠬᠥᠮᠦᠨ ᠠᠮᠠ ᠶᠢᠨ ᠲᠦᠪᠯᠡᠷᠡᠯᠲᠡ ᠶᠢ ᠠᠬᠢᠭᠤᠯᠬᠤ 16 ᠵᠤᠷᠪᠤᠰ》 ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠴᠢᠨ ᠲᠣᠭᠤᠷᠢᠨ ᠢᠶᠠᠷ ᠬᠥᠮᠦᠨ ᠦᠯᠡᠳᠡᠭᠡᠬᠦ ᠶᠢ ᠪᠠᠷᠢᠮᠲᠠᠯᠠᠵᠤ᠂ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠣᠷᠣᠨ ᠤ ᠲᠥᠪ ᠬᠤᠳᠠ ᠶᠢᠨ ᠬᠤᠲᠠ ᠶᠢᠨ ᠴᠠᠭᠠᠷᠢᠭ ᠢ ᠴᠣᠭᠴᠠᠯᠠᠬᠤ ᠲᠠᠯ᠎ᠠ ᠪᠠᠷ ᠢᠯᠡᠭᠦᠬᠡᠨ ᠰᠢᠨ᠎ᠡ ᠶᠢ ᠡᠭᠦᠳᠴᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠡᠷᠡᠰ ᠭᠤᠶᠢᠪᠢᠰᠢ ᠦᠭᠡᠢ ᠪᠤᠵᠠᠭᠠᠶᠢᠷᠠᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠨᠢᠭᠡᠳᠦᠭᠡᠷ ᠤᠯᠠᠷᠢᠯ ᠤᠨ 《ᠰᠠᠶᠢᠨ ᠡᠬᠢᠯᠡᠯᠲᠡ》 ᠶᠢ ᠪᠠᠲᠤᠯᠠᠬᠤ ᠲᠠᠯ᠎ᠠ ᠪᠠᠷ ᠲᠠᠬᠢᠨ ᠬᠦᠴᠦᠯᠡᠵᠦ᠂ ᠦᠢᠯᠡᠳᠪᠦᠷᠢᠯᠡᠯ᠂ ᠪᠡᠯᠡ ᠣᠷᠣᠭᠤᠯᠤᠯᠲᠠ᠂ ᠬᠡᠷᠡᠭᠯᠡᠭᠡ᠂ ᠳᠣᠲᠣᠭᠠᠳᠤ ᠭᠠᠳᠠᠭᠠᠳᠤ ᠠᠷᠠᠯᠵᠢᠶ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠷᠠᠯᠲᠠ ᠶᠢᠨ ᠱᠠᠭᠠᠷᠳᠠᠯᠭ᠎ᠠ ᠪᠣᠯᠤᠨ ᠡᠭᠦᠷᠭᠡ ᠶᠢᠨ ᠲᠤᠬᠢᠷᠠᠭᠤᠯᠤᠯᠳᠠ ᠶᠢ ᠣᠨᠣᠪᠴᠢᠲᠠᠢ ᠡᠵᠡᠮᠳᠡᠵᠦ᠂ 《ᠰᠤᠷᠤᠯᠴᠠᠬᠤ ᠥᠭᠡᠷᠡᠴᠢᠯᠡᠬᠦ》 ᠶᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠂ ᠪᠦᠬᠦ ᠣᠷᠣᠨ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ ᠬᠠᠷᠢᠯᠴᠠᠨ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠡᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 《ᠡᠯ᠎ᠡ ᠲᠥᠷᠥᠯ ᠤᠨ ᠬᠢᠨᠠᠯᠲᠠ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ》 ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠨᠢᠭᠡ ᠰᠢᠵᠢᠮ》 ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ ᠰᠢᠨ᠎ᠡ ᠶᠢ ᠡᠭᠦᠳᠬᠦ ᠲᠤᠬᠠᠶ ᠪᠠᠶᠢᠷᠢᠯᠠᠭᠤᠯᠤᠯᠲᠠ ᠬᠢᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃