ᠵᠤᠬᠢᠶᠠᠭᠴᠢ:
ᠴᠠᠭ:2025-04-11
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠮᠠᠨ ᠤ ᠬᠤᠲᠠ ᠶᠢᠨ ᠶᠡᠷᠦᠩᠬᠡᠶ ᠱᠦᠵᠢ ᠰᠢ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠪᠤᠤ ᠭᠠᠩ ᠬᠤᠷᠠᠯ ᠢ ᠡᠷᠬᠢᠯᠡᠵᠡᠢ
2025 4 ᠳ᠋ᠦ᠋ᠭᠡᠷ ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 《ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ》 ᠬᠡᠭᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠶᠡᠷᠦᠩᠬᠡᠶ ᠱᠦᠵᠢ ᠰᠢ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠶ ᠮᠡᠳᠡᠭᠳᠡᠯ ᠵᠢᠴᠢ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠥᠬᠦᠶ ᠲᠥᠰᠦᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠰᠢ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠳᠠᠭ᠎ᠠ ᠪᠦᠷᠢ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠬᠢᠭᠤᠯᠵᠤ᠂ ᠲᠦᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ ᠠᠯᠤᠰ ᠬᠡᠳᠤ ᠶᠢ ᠬᠠᠮᠢᠶᠠᠷᠬᠤ ᠠᠵᠢᠯ ᠤᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠂ 《ᠨᠢᠭᠡ ᠰᠢᠵᠢᠮ》 ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠠᠷ ᠭᠠᠷᠳᠠᠴᠠ ᠪᠣᠯᠭᠠᠵᠤ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ 《ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ》ᠲᠤᠰᠬᠠᠢ ᠠᠵᠢᠯ ᠢ ᠰᠠᠶᠢᠲᠤᠷ ᠥᠷᠨᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠤᠷᠤᠨ ᠤ ᠲᠥᠪ ᠬᠤᠲᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ 《ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ》 ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠨᠣᠭᠤᠭᠠᠷᠠᠭᠤᠯᠤᠯᠲᠠ ᠠᠷᠠᠴᠢᠯᠠᠯᠲᠠ ᠶᠢ ᠨᠠᠷᠢᠯᠢᠭᠵᠢᠭᠤᠯᠤᠨ ᠰᠠᠶᠢᠲᠤᠷ ᠬᠢᠵᠦ᠂ ᠣᠷᠣᠨ ᠤ ᠲᠥᠪ ᠬᠤᠲᠠ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠤᠨ ᠴᠡᠴᠡᠷᠯᠢᠭ ᠤᠨ ᠬᠤᠲᠠ ᠪᠣᠯᠣᠨ ᠤᠯᠤᠰ ᠤᠨ ᠣᠢ ᠰᠢᠭᠤᠢ ᠶᠢᠨ ᠬᠤᠲᠠ ᠶᠢᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠬᠤ ᠬᠡᠷᠡᠭᠲᠡᠢ᠃ ᠨᠡᠭᠡᠭᠡᠯᠲᠡᠲᠡᠢ ᠪᠠᠭᠲᠠᠭᠠᠮᠵᠢᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢ ᠲᠦᠷᠦ ᠶᠢᠨ ᠪᠤᠳᠤᠯᠭ᠎ᠠ ᠪᠠᠷ ᠬᠦᠳᠦᠯᠦᠨ ᠵᠢᠯᠣᠭᠤᠳᠬᠤ ᠪᠠ ᠣᠨᠣᠪᠴᠢᠲᠠᠢ ᠳᠡᠮᠵᠢᠬᠦ ᠶᠢ ᠴᠢᠩᠭᠠᠳᠬᠠᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠨ ᠤ ᠲᠥᠪ ᠬᠤᠳᠠ ᠳᠤ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
ᠬᠤᠷᠠᠯ ᠠᠴᠠ ᠵᠢᠭᠠᠭᠰᠠᠨ ᠨᠢ᠂ ᠤᠢᠷ᠎ᠠ ᠶᠢᠨ ᠵᠢᠯ ᠳᠤ᠂ ᠣᠷᠣᠨ ᠤ ᠲᠥᠪ ᠬᠤᠳᠠ ᠶᠢᠨ ᠬᠢᠨ ᠶᠡᠷᠦᠩᠬᠡᠢ ᠱᠦᠵᠢ ᠰᠢ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠤ ᠣᠷᠣᠨ ᠤ ᠲᠥᠪ ᠬᠤᠲᠠ ᠶᠢᠨ ᠡᠭᠦᠷᠭᠡ ᠬᠠᠷᠢᠭᠤᠴᠠᠯᠭ᠎ᠠ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠡᠢ᠃ ᠪᠢᠳᠡ ᠠᠵᠢᠯ ᠬᠢᠵᠦ ᠦᠢᠯᠡᠰ ᠪᠤᠰᠬᠠᠬᠤ ᠰᠢᠪᠲᠤᠯᠤᠯᠲᠠ ᠶᠢᠨ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠶᠡᠷᠦᠩᠬᠡᠢ ᠱᠦᠵᠢ ᠰᠢ ᠫᠢᠩ ᠤᠨ ᠵᠢᠭᠠᠭᠰᠠᠨ ᠴᠢᠭᠯᠡᠯ ᠲᠡᠶᠢᠰᠢ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠪᠦᠬᠦ ᠲᠠᠯ᠎ᠠ ᠪᠠᠷ ᠭᠦᠨᠵᠡᠭᠡᠢ ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠪᠣᠬᠢᠷᠲᠤᠯ ᠦᠭᠡᠢ ᠬᠥᠭᠵᠢᠯᠲᠡ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠪᠴᠢᠯᠡᠨ ᠪᠦᠳᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ 《ᠭᠤᠷᠪᠠᠨ ᠬᠤᠳᠠ》 ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ 《ᠲᠦᠷᠪᠡᠨ ᠶᠡᠭᠡ ᠠᠵᠤ ᠠᠬᠤᠢ ᠶᠢᠨ ᠴᠠᠭᠠᠷᠢᠭ》 ᠠᠭᠤᠰᠤᠯᠴᠠᠬᠤ᠂ 《ᠲᠠᠪᠤᠨ ᠲᠣᠬᠢᠷᠠᠮᠵᠢᠲᠠᠢ》 ᠬᠤᠳᠠ ᠶᠢ ᠪᠦᠳᠦᠭᠡᠨ ᠪᠠᠶᠢᠭᠤᠯᠬᠤ᠂ 《ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ》 ᠢ ᠪᠤᠶᠢᠵᠢᠭᠤᠯᠬᠤ᠂ 《ᠵᠢᠷᠭᠤᠭᠠᠨ ᠣᠷᠣᠨ ᠪᠦᠰᠡ ᠶᠢᠨ ᠲᠥᠪ》 ᠢ ᠴᠣᠭᠴᠠᠯᠠᠬᠤ ᠲᠠᠯ᠎ᠠ ᠪᠠᠷ ᠨᠡᠩ ᠤᠯᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠵᠠ ᠲᠣᠬᠢᠶᠠᠯ ᠤᠨ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ ᠲᠤᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃