ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠤᠤ ᠭᠠᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠳᠤ ᠠᠶᠢᠯᠴᠢᠯᠠᠵᠤ ᠰᠤᠷᠪᠤᠯᠵᠢᠯᠠᠪᠠ
2025 4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠳᠤ ᠬᠦᠷᠴᠦ᠂ ᠲᠥᠷᠥᠯ ᠵᠦᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠡᠷᠭᠡ ᠶᠠᠪᠤᠳᠠᠯ ᠤᠨ ᠲᠤᠬᠠᠶ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠠᠶ ᠾᠧᠦ ᠯᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠪᠣᠣ ᠭᠠᠩ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠲᠥᠪ ᠤᠨ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠪᠣᠬᠢᠷᠳᠤᠯ ᠦᠭᠡᠢ ᠡᠨᠧᠷᠭᠢ ᠶᠢᠨ ᠰᠢᠰᠲ᠋ᠧᠮ ᠢ ᠪᠠᠶᠢᠭᠤᠯᠬᠤ ᠵᠡᠷᠭᠡ ᠲᠠᠯ᠎ᠠ ᠪᠠᠷ ᠬᠥᠬᠡᠬᠤᠲᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠭᠦᠨ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠬᠥᠬᠡᠬᠤᠲᠠ ᠳᠠᠬᠢ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠠᠭᠠᠷ ᠤᠨ ᠠᠶᠠᠯᠠᠯ ᠤᠨ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠵᠡᠷᠭᠡ ᠲᠠᠯ᠎ᠠ ᠪᠠᠷ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ᠂ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠤᠶᠤᠨᠴᠢᠯᠠᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠤᠷᠤᠨ ᠤ ᠲᠥᠪ ᠬᠤᠲᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ ᠭᠡᠵᠡᠢ᠃
ᠳ᠋ᠠᠶ ᠾᠧᠦ ᠯᠢᠶᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠷᠲᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ ᠪᠠᠬᠢ ᠪᠠᠶᠢᠨ᠎ᠠ᠂ ᠬᠥᠬᠡᠬᠤᠲᠠ ᠳᠠᠬᠢ ᠪᠠᠯᠠ ᠣᠷᠣᠭᠤᠯᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠶᠡᠷᠦᠩᠬᠡᠶᠢᠯᠡᠭᠰᠡᠨ ᠡᠨᠧᠷᠭᠢ ᠶᠢᠨ ᠥᠷᠲᠡᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠠᠩ ᠣᠯᠠᠨ ᠲᠡᠷᠢᠭᠦᠨ ᠤ ᠮᠡᠷᠭᠡᠵᠢᠯ ᠪᠠ ᠴᠢᠨᠠᠷ ᠰᠠᠶᠢᠲᠠᠶ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
ᠯᠢᠦ ᠵᠢᠢ ᠶᠢᠩ᠂ ᠵᠦ ᠵᠢᠶᠠᠨ ᠭᠦᠸᠧ ᠣᠷᠣᠯᠴᠠᠪᠠ᠃