ᠵᠤᠬᠢᠶᠠᠭᠴᠢ:
ᠴᠠᠭ:2025-03-24
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠾᠧ ᠬᠠᠢ ᠳ᠋ᠦᠩ ᠬᠤᠷᠠᠯ ᠢ ᠡᠷᠬᠢᠯᠡᠵᠡᠢ
2025 3 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ 《ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠦᠯ》︵ 《ᠠᠵᠢᠯᠯᠠᠭ᠎ᠠ ᠶᠢᠨ ᠲᠥᠰᠦᠯ》ᠭᠡᠵᠦ ᠲᠣᠪᠴᠢᠯᠠᠨ᠎ᠠ ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠳᠥᠷᠪᠡᠨ ᠠᠵᠤ ᠦᠢᠯᠡᠰ ᠤᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠡᠮᠬᠢᠳᠬᠡᠨ ᠴᠡᠭᠴᠡᠯᠡᠬᠦ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃
ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠬᠥᠭᠵᠢᠭᠡᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ 《ᠠᠵᠢᠯᠯᠠᠭ᠎ᠠ ᠶᠢᠨ ᠲᠥᠰᠥᠯ》 ᠶᠣᠰᠣᠭᠠᠷ᠂ ᠣᠷᠣᠨ ᠤ ᠲᠥᠪ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠲᠦᠷᠭᠡᠨ ᠬᠡᠷᠡᠭᠵᠢᠭᠦᠯᠵᠦ᠂ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠥᠷᠭᠡᠳᠬᠡᠵᠦ᠂ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠶᠡᠬᠡᠪᠡᠷ ᠳᠡᠮᠵᠢᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠨᠡᠩ ᠤᠯᠠᠨ ᠬᠡᠷᠡᠭᠯᠡᠭᠡᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠠᠶᠢᠳᠠᠯ ᠢ ᠪᠦᠷᠢᠯᠳᠦᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ 《ᠠᠵᠤ ᠦᠢᠯᠡᠰ ᠢ ᠲᠥᠪᠯᠡᠷᠡᠭᠦᠯᠬᠦ᠂ ᠣᠷᠣᠨ ᠪᠦᠰᠡ ᠬᠠᠮᠵᠢᠯᠴᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ》 ᠡᠨᠡ ᠬᠦ ᠭᠤᠣᠯᠳᠠᠯᠭ᠎ᠠ ᠶᠢᠨ ᠲᠣᠭᠤᠷᠢᠨ ᠳᠤ᠂ ᠭᠠᠵᠠᠷ ᠵᠦᠢ ᠶᠢᠨ ᠣᠷᠣᠨ ᠵᠠᠢ ᠳᠤ ᠰᠠᠭᠤᠷᠢᠯᠠᠵᠤ᠂ ᠲᠦᠷᠪᠡᠨ ᠠᠵᠤ ᠦᠢᠯᠡᠰ ᠤᠨ ᠪᠦᠰᠡ ᠶᠢᠨ ᠲᠥᠪᠯᠡᠷᠡᠯ ᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠤ ᠲᠥᠰᠥᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ 《ᠰᠡᠳᠬᠢᠴᠡ ᠲᠣᠳᠣᠷᠬᠠᠢ᠂ ᠪᠠᠶᠢᠷᠢ ᠲᠣᠭᠲᠠᠭᠠᠯᠲᠠ ᠣᠨᠣᠪᠴᠢᠲᠠᠢ᠂ ᠠᠵᠤ ᠦᠢᠯᠡᠰ ᠢ ᠲᠥᠪᠯᠡᠷᠡᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ》 ᠶᠢ ᠪᠡᠶᠡᠯᠡᠭᠦᠯᠵᠦ᠂ ᠲᠦᠷᠦ ᠶᠢᠨ ᠪᠤᠳᠤᠯᠭ᠎ᠠ ᠶᠢᠨ ᠵᠣᠯᠭᠠᠯᠴᠠᠭ᠎ᠠ᠂ ᠰᠠᠭᠤᠷᠢ ᠪᠡᠯᠡᠳᠭᠡᠮᠵᠢ ᠶᠢᠨ ᠬᠤᠯᠪᠣᠯᠳᠤᠯ ᠪᠠ ᠬᠦᠴᠦᠨ ᠵᠦᠢᠯ ᠤᠨ ᠣᠷᠣᠨ ᠪᠦᠰᠡ ᠠᠯᠤᠰᠯᠠᠨ ᠰᠢᠯᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠭᠤᠰᠤᠯᠴᠠᠨ ᠬᠤᠯᠪᠣᠭᠠᠯᠠᠨ ᠬᠥᠳᠡᠯᠦᠯᠴᠡᠬᠦ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠪᠡ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃