ᠵᠤᠬᠢᠶᠠᠭᠴᠢ:
ᠴᠠᠭ:2025-05-05
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠠᠷᠠᠭᠠᠴᠢ ᠶᠢᠨ ᠱᠠᠲᠤ ᠦᠶ᠎ᠡ ᠶᠢᠨ ᠠᠵᠤ ᠠᠬᠤᠶ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ᠂ ᠬᠢᠮᠡᠯ ᠤᠶᠤᠨ ᠤ ᠠᠵᠤ ᠦᠢᠯᠡᠰ ᠤᠨ ᠬᠦᠭᠵᠢᠭᠦᠯᠦᠯᠲᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠤ ᠮᠠᠨ ᠤ ᠬᠤᠲᠠ ᠶᠢᠨ ᠰᠢᠨ᠎ᠡ ᠶᠢ ᠡᠭᠦᠳᠬᠦ ᠠᠮᠢ ᠠᠬᠤᠶ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠪᠡ
ᠪᠣᠣ ᠭᠠᠩ ᠬᠤᠷᠠᠯ ᠢ ᠡᠷᠬᠢᠯᠡᠪᠡ
2025 4 ᠳ᠋ᠦ᠋ᠭᠡᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠴᠢᠬᠤᠯᠠ ᠶᠠᠷᠢᠶ᠎ᠠ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠳᠬᠤᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠬᠠᠮᠲᠤ ᠳᠤᠨᠢ ᠬᠠᠷᠠᠭᠠᠯᠵᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ᠂ ᠰᠢᠰᠲ᠋ᠧᠮᠲᠦ ᠴᠢᠨᠠᠷ ᠲᠠᠢ ᠰᠡᠳᠬᠢᠭᠦᠢ ᠪᠠᠷ ᠠᠵᠢᠯ ᠢᠶᠠᠨ ᠰᠦᠪᠡᠭᠴᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ᠂ ᠬᠡᠷᠡᠭᠯᠡᠭᠡ᠂ ᠮᠥᠩᠭᠦᠨ ᠭᠦᠢᠯᠭᠡᠭᠡ᠂ ᠪᠠᠷᠢᠯᠭ᠎ᠠ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠳᠤᠲᠠᠭᠤᠳᠠᠯ ᠢ ᠰᠢᠢᠳᠪᠦᠷᠢᠯᠡᠵᠦ᠂ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ᠂ ᠳᠣᠣᠷ᠎ᠠ ᠤᠭᠲᠠᠷᠭᠤᠢ ᠶᠢᠨ ᠠᠵᠤ ᠠᠬᠤᠢ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠲᠦᠷᠭᠡᠨ ᠪᠤᠶᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠭᠦᠯᠬᠦ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠳᠠᠩᠰᠠ ᠶᠣᠰᠣᠭᠠᠷ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠵᠠᠳᠠᠯᠤᠯᠲᠠ ᠶᠢᠨ ᠠᠵᠢᠯ ᠤᠨ ᠲᠣᠭᠲᠠᠴᠠ ᠶᠢ ᠪᠦᠷᠢᠯᠳᠦᠭᠦᠯᠵᠦ᠂《ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ》 ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠴᠢᠩᠭ᠎ᠠ ᠠᠩᠬᠠᠷᠴᠤ᠂ ᠲᠦᠷᠦᠯ ᠵᠦᠢᠯ ᠨᠥᠭᠡᠴᠡᠯᠡᠬᠦ᠂ ᠭᠠᠷᠳᠠᠮ ᠭᠦᠢᠴᠡᠳᠬᠡᠬᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠲᠦᠷᠢᠮ ᠶᠣᠰᠣᠭᠠᠷ ᠬᠡᠪᠴᠢᠶᠡᠵᠢᠯ ᠤᠨ ᠪᠦᠷᠢᠳᠭᠡᠯ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠡᠭᠡᠷ᠎ᠡ ᠬᠠᠭᠠᠰ ᠵᠢᠯ ᠤᠨ ᠴᠠᠭ ᠪᠠ ᠡᠭᠦᠷᠭᠡ ᠴᠥᠮ ᠬᠠᠭᠠᠰ ᠠᠴᠠ ᠳᠠᠪᠠᠭ᠋ᠤ ᠶᠢ ᠴᠢᠷᠮᠠᠶᠢᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠣᠷᠣᠨ ᠤ ᠲᠥᠪ ᠬᠤᠲᠠ ᠶᠢᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
ᠬᠤᠷᠠᠯ ᠠᠴᠠ ᠵᠢᠭᠠᠭᠰᠠᠨ ᠨᠢ᠂ ᠣᠷᠣᠨ ᠤ ᠲᠥᠪ ᠬᠤᠲᠠ ᠣᠷᠣᠨ ᠪᠠᠶᠢᠷᠢ᠂ ᠠᠭᠤᠷ ᠠᠮᠢᠰᠬᠤᠯ᠂ ᠴᠠᠬᠢᠯᠭᠠᠨ᠂ ᠰᠦᠯᠵᠢᠶ᠎ᠡ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠬᠢᠮᠡᠯ ᠣᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠪᠤᠶᠢᠵᠢᠭᠤᠯᠬᠤ ᠲᠠᠯ᠎ᠠ ᠪᠠᠷ ᠵᠣᠬᠢᠬᠤ ᠰᠠᠭᠤᠷᠢ ᠲᠠᠢ ᠪᠣᠯᠤᠭᠰᠠᠨ ᠪᠠᠶᠢᠨ᠎ᠠ᠃ ᠪᠤᠳᠤᠯᠭ᠎ᠠ ᠶᠢᠨ ᠬᠦᠴᠦᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡᠨᠲᠡ ᠪᠠᠶᠢᠭ᠎ᠠ ᠨᠡᠶᠢᠳᠡᠮ ᠪᠤᠳᠤᠯᠭ᠎ᠠ᠂ ᠣᠶᠤᠨᠴᠢ ᠪᠤᠳᠤᠯᠭ᠎ᠠ᠂ ᠬᠡᠳᠦ ᠪᠤᠳᠤᠯᠭ᠎ᠠ ᠶᠢᠨ ᠰᠠᠭᠤᠷᠢᠨ ᠳᠡᠭᠡᠷ᠎ᠡ᠂ ᠺᠸᠠᠨ᠋ᠲ ᠪᠤᠳᠤᠯᠭ᠎ᠠ᠂ ᠳᠠᠭᠠᠭᠤᠯᠢ ᠤᠳᠤ ᠶᠢᠨ ᠪᠤᠳᠤᠯᠭ᠎ᠠ ᠶᠢ ᠲᠦᠷᠭᠡᠳᠬᠡᠨ ᠪᠠᠶᠢᠷᠢᠰᠢᠭᠤᠯᠵᠤ᠂ ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ ᠲᠠᠪᠤᠨ ᠪᠤᠳᠤᠯᠭ᠎ᠠ ᠠᠭᠤᠰᠤᠯᠴᠠᠭᠰᠠᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠵᠠᠭᠪᠤᠷ ᠤᠨ ᠰᠤᠷᠭᠠᠭᠤᠯᠢᠯᠠᠯ ᠤᠨ ᠵᠦᠢᠴᠢᠯᠡᠯ᠂ ᠸᠢᠳᠢᠤ᠋ ᠶᠢᠨ ᠵᠢᠷᠤᠭᠴᠢᠯᠠᠯ᠂ ᠪᠡᠶᠡᠴᠢ ᠤᠶᠤᠨ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠨᠡᠶᠢᠯᠡᠮᠡᠯ ᠠᠮᠢᠳᠤ ᠪᠣᠳᠠᠰ ᠵᠡᠷᠭᠡ ᠰᠣᠯᠪᠢᠴᠠᠭᠰᠠᠨ ᠬᠦᠷᠢᠶᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠯᠪᠣᠯᠳᠤᠨ ᠬᠥᠭᠵᠢᠬᠦ ᠶᠢ ᠠᠬᠢᠭᠤᠯᠬᠤ ᠬᠡᠷᠡᠭᠲᠡᠶ᠃ ᠲᠤᠭ᠎ᠠ ᠪᠠᠷᠢᠮᠲᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠲᠤᠭ᠎ᠠ ᠪᠠᠷᠢᠮᠲᠠ ᠳᠤ ᠲᠡᠮᠳᠡᠭ ᠬᠠᠳᠠᠬᠤ᠂ ᠡᠷᠬᠡ ᠶᠢ ᠨᠤᠲᠠᠯᠠᠨ ᠲᠣᠭᠲᠠᠭᠠᠬᠤ᠂ ᠠᠷᠠᠯᠵᠢᠶᠠᠯᠠᠬᠤ᠂ ᠵᠢᠴᠢ ᠪᠤᠳᠤᠬᠤ ᠠᠷᠭ᠎ᠠ ᠶᠢᠨ ᠫᠷᠤᠭ᠍ᠷᠠᠮ ᠨᠠᠶᠢᠷᠠᠭᠤᠯᠬᠤ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠬᠦ ᠬᠡᠷᠡᠭᠲᠡᠶ᠃ ᠬᠡᠷᠡᠭᠯᠡᠭᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠵᠢᠷᠤᠮᠵᠢᠯ ᠢ ᠲᠣᠭᠲᠠᠭᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠠᠵᠢᠯᠴᠢᠨ ᠤ ᠡᠪᠯᠡᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠠᠵᠢᠯᠳᠠᠨ ᠠᠵᠢᠯᠴᠢᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠬᠥᠳᠡᠯᠮᠦᠷᠢ ᠴᠠᠯᠢᠩ ᠤᠨ ᠢ ᠰᠢᠢᠳᠪᠦᠷᠢᠯᠡᠬᠦ ᠵᠡᠷᠭᠡ ᠲᠠᠯ᠎ᠠ ᠪᠠᠷ ᠠᠵᠢᠯᠴᠢᠨ ᠤ ᠡᠪᠯᠡᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠳᠠᠨ ᠠᠵᠢᠯᠴᠢᠨ ᠤᠯᠠᠨ ᠲᠦᠮᠡᠨ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ ᠭᠡᠵᠡᠢ᠃
ᠬᠤᠷᠠᠯ ᠠᠴᠠ ᠵᠢᠭᠠᠭᠰᠠᠨ ᠨᠢ᠂ ᠣᠷᠣᠨ ᠤ ᠲᠥᠪ ᠬᠤᠲᠠ ᠢᠮᠠᠭᠲᠠ ᠬᠤᠶᠠᠷ ᠢ ᠬᠦᠷᠢᠶᠡᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠡᠨᠡ ᠵᠢᠯ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠪᠠᠷ ᠳᠠᠷᠠᠭᠠᠯᠠᠨ ᠠᠷᠪᠠᠳᠠᠭᠢ ᠤᠳᠠᠭ᠎ᠠ ᠰᠤᠩᠭᠤᠭᠳᠠᠵᠠᠢ᠂ ᠡᠨᠡ ᠬᠦ ᠢᠷᠠᠭᠤ ᠠᠯᠳᠠᠷ ᠢᠶᠠᠨ ᠨᠠᠨᠳᠢᠩᠨᠠᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠤᠨ᠂ ᠥᠩᠭᠡᠷᠡᠭᠰᠡᠨ ᠲᠠᠢ ᠪᠠᠨ ᠠᠳᠠᠯᠢ ᠪᠠᠷ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠤᠨ ᠬᠥᠮᠦᠰ ᠤᠨ ᠠᠩᠬᠠᠷᠴᠤ ᠪᠠᠶᠢᠭ᠎ᠠ ᠦᠷ᠎ᠡ ᠬᠡᠤᠬᠡᠳ ᠤᠨ ᠬᠢᠨᠢ ᠰᠤᠷᠭᠠᠨ ᠬᠥᠮᠦᠵᠢᠯ᠂ ᠬᠡᠷ ᠪᠦᠯᠢ ᠶᠢᠨ ᠬᠢᠨ ᠤ ᠠᠵᠢᠯ ᠣᠯᠭᠤᠯᠲᠠ ᠶᠢᠨ ᠠᠰᠠᠭᠤᠳᠠᠯ ᠢ ᠰᠡᠳᠬᠢᠯ ᠳᠡᠯᠪᠢᠨ ᠬᠠᠪᠰᠤᠷᠤᠨ ᠰᠢᠢᠳᠪᠦᠷᠢᠯᠡᠵᠦ᠂ ᠨᠠᠩ ᠣᠯᠠᠨ ᠴᠡᠷᠢᠭ ᠤᠨ ᠡᠴᠢᠭᠡ ᠡᠬᠡ ᠶᠢᠨ ᠨᠠᠰᠤᠵᠢᠯ ᠤᠨ ᠬᠠᠷᠠᠭᠠᠯᠵᠠᠯ ᠵᠡᠷᠭᠡ ᠦᠢᠯᠡᠴᠢᠯᠡᠭᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠪᠠ ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃
ᠬᠤᠷᠠᠯ ᠠᠴᠠ《ᠬᠥᠬᠡᠬᠤᠲᠠ ᠶᠢᠨ ᠰᠢᠨ᠎ᠡ ᠶᠢ ᠡᠭᠦᠳᠬᠦ ᠠᠮᠢ ᠠᠬᠤᠢ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︵ᠲᠤᠷᠰᠢᠨ ᠬᠡᠷᠡᠭᠵᠢᠭᠦᠯᠬᠦ︶》 ᠢ ᠬᠢᠨᠠᠨ ᠵᠥᠪᠯᠡᠭᠰᠡᠨ ᠪᠥᠭᠡᠳ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠦᠢᠯᠡᠳᠪᠦᠷᠢᠯᠡᠯ᠂ ᠵᠢᠵᠢᠭᠦᠷᠯᠡᠬᠦ᠂ ᠰᠣᠶᠣᠯ ᠵᠢᠭᠤᠯᠴᠢᠯᠠᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃