ᠵᠤᠬᠢᠶᠠᠭᠴᠢ:
ᠴᠠᠭ:2025-04-30
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ
2025 4 ᠳ᠋ᠦ᠋ᠭᠡᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ᠃
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠸᠧᠨ ᠮᠢᠩ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠯᠠᠨ ᠹᠧᠩ᠂ ᠵᠠᠩ ᠵᠦᠩ ᠳ᠋ᠦᠩ᠂ ᠶᠦᠨ ᠢᠦᠢ ᠮᠧᠢ᠂ ᠶᠠᠩ ᠰᠢᠩ ᠱᠧᠩ᠂ ᠵᠠᠩ ᠺᠧ ᠯᠢᠩ᠂ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᠵᠢᠶ ᠶᠢᠩ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ᠂ ᠵᠢᠶᠤᠤ ᠬᠤᠩ᠂ ᠹᠦ᠋ ᠽᠠᠢ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠰᠢᠶᠤᠤ ᠬᠤᠩ ᠬᠤᠷᠠᠯ ᠳᠤ ᠰᠤᠯᠠ ᠣᠷᠣᠯᠴᠠᠪᠠ᠃ ᠪᠠᠶᠢᠩᠭᠤ ᠶᠢᠨ ᠬᠤᠷᠢᠶᠠᠨ ᠤ ᠭᠡᠰᠢᠭᠦᠨ 44 ᠬᠦᠮᠦᠨ ᠬᠤᠷᠠᠯ ᠳᠤ ᠤᠷᠤᠯᠴᠠᠵᠤ᠂ ᠬᠠᠤᠯᠢ ᠳᠤ ᠳᠤᠭᠲᠠᠭᠠᠭᠰᠠᠨ ᠬᠦᠮᠦᠨ ᠤ ᠲᠣᠭᠠᠨ ᠳᠤ ᠨᠡᠶᠢᠴᠡᠵᠡᠢ᠃
ᠬᠤᠷᠠᠯ ᠠᠴᠠ《ᠬᠥᠬᠡᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︵ᠵᠠᠰᠠᠪᠤᠷᠢ ᠣᠷᠣᠭᠤᠯᠤᠭᠰᠠᠨ︶》《ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠦᠷᠢᠮ︵ᠵᠠᠰᠠᠪᠤᠷᠢ ᠣᠷᠣᠭᠤᠯᠤᠭᠰᠠᠨ︶》ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠲᠡᠷᠢᠭᠦᠯᠡᠭᠴᠢᠳ ᠤᠨ ᠪᠦᠯᠬᠦᠮ ᠤᠨ ᠲᠤᠰᠢᠶᠠᠭᠰᠠᠨ 《︿ᠬᠥᠬᠡᠬᠤᠲᠠ ᠶᠢᠨ ᠬᠠᠶᠠᠭᠳᠠᠮᠠᠯ ᠪᠣᠳᠠᠰ ᠦᠭᠡᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ﹀ ᠢ ᠲᠣᠭᠲᠠᠭᠠᠬᠤ ᠲᠤᠬᠠᠶ ᠵᠥᠪᠯᠡᠯᠭᠡ》︵2 ᠳ᠋ᠤᠭᠠᠷ ᠲᠣᠭᠠᠲᠤ︶ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠪᠠᠲᠤᠯᠠᠪᠠ᠃ ᠬᠤᠲᠠ ᠶᠢᠨ ᠵᠠᠰᠠᠭ ᠤᠨ ᠣᠷᠳᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠪᠠᠶᠢᠳᠠᠯ᠂ 2023 ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠳᠦ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠦᠷᠨᠢᠭᠦᠯᠦᠭᠰᠡᠨ ᠪᠠᠶᠢᠳᠠᠯ᠂ 2024 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠵᠦ᠂ 2023 ᠣᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠮᠡᠳᠡᠭᠦᠯᠦᠯᠲᠡ ᠶᠢ ᠲᠣᠰ ᠲᠣᠰ ᠰᠣᠨᠣᠰᠴᠤ ᠬᠢᠨᠠᠨ ᠵᠥᠪᠯᠡᠪᠡ᠃ 《ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠳᠦᠷᠢᠮ︵ᠵᠠᠰᠠᠪᠤᠷᠢ ᠣᠷᠣᠭᠤᠯᠤᠭᠰᠠᠨ ᠲᠥᠰᠦᠯ︶》 ᠢ ᠬᠢᠨᠠᠨ ᠵᠥᠪᠯᠡᠪᠡ᠃ ᠮᠠᠨ ᠤ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠣᠳᠣᠯᠣᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠶᠢ ᠰᠣᠨᠣᠰᠪᠠ᠃
ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠲᠤᠰᠢᠶᠠᠯ ᠳᠤ ᠲᠤᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃