ᠵᠤᠬᠢᠶᠠᠭᠴᠢ:
ᠴᠠᠭ:2025-04-30
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
2025 4 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠭᠳᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠠ᠃
ᠪᠣᠣ ᠭᠠᠩ ᠤᠷᠢᠳ ᠬᠤᠵᠢᠳ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠬᠠᠳᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ ᠡᠷᠭᠢ ᠳᠠᠭᠠᠤ ᠶᠢᠨ ᠲᠣᠰᠬᠤᠨ᠂ ᠲᠦᠮᠡᠳ ᠵᠡᠭᠦᠨ ᠬᠤᠰᠢᠭᠤᠨ ᠤ ᠬᠠᠯᠢᠭᠤᠲᠤ ᠤᠰᠤᠨ ᠴᠥᠭᠦᠷᠥᠮ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠬᠦᠷᠢᠶᠡᠯᠡᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠬᠠᠳᠤᠨ ᠭᠤᠣᠯ ᠤᠨ ᠤᠰᠤᠨ ᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ᠂ ᠳᠠᠬᠢᠯᠲᠠ ᠤᠰᠤ ᠶᠢ ᠠᠰᠢᠭᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃
ᠪᠣᠣ ᠭᠠᠩ ᠬᠡᠯᠡᠬᠦ ᠳᠡᠭᠡᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ᠎ᠠ᠂ ᠡᠷᠬᠡᠪᠰᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠠᠭᠠᠯᠠᠯᠲᠠ ᠪᠣᠯᠣᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠣᠷᠴᠢᠨ ᠲᠣᠭᠤᠷᠢᠨ ᠢ ᠦᠷᠡᠭᠳᠡᠭᠦᠯᠬᠦ ᠪᠠᠷ ᠠᠵᠤ ᠠᠬᠤᠢ ᠶᠢᠨ ᠨᠡᠮᠡᠭᠳᠡᠯ ᠢ ᠰᠣᠯᠢᠵᠤ ᠶᠠᠭᠠᠬᠢᠭᠰᠠᠨ ᠴᠤ ᠪᠣᠯᠬᠤ ᠦᠭᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠣᠷᠣᠨ ᠤ ᠲᠥᠪ ᠬᠤᠲᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠵᠤ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃《ᠤᠰᠤ ᠪᠠᠷ ᠲᠦᠷᠪᠡ ᠶᠢ ᠲᠣᠭᠲᠠᠭᠠᠬᠤ》 ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠬᠡᠮᠵᠢᠶ᠎ᠡ ᠶᠢ ᠦᠨᠳᠦᠰᠦᠯᠡᠨ ᠬᠢᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠ ᠥᠨᠳᠥᠷ ᠪᠦᠲᠦᠮᠵᠢᠲᠡᠶ ᠠᠰᠢᠭᠯᠠᠯᠲᠠ ᠶᠢ ᠰᠢᠯᠢᠳᠡᠭᠵᠢᠭᠦᠯᠵᠦ᠂ ᠳᠠᠬᠢᠯᠲᠠ ᠤᠰᠤᠨ ᠤ ᠠᠵᠤ ᠦᠢᠯᠡᠳᠪᠦᠷᠢ ᠳᠤ ᠬᠡᠷᠡᠭᠯᠡᠬᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠳᠠᠬᠢ ᠠᠰᠢᠭᠯᠠᠯᠲᠠ ᠶᠢᠨ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠰᠠᠯᠬᠢ ᠶᠢ ᠬᠠᠰᠢᠵᠤ ᠡᠯᠡᠰᠦ ᠶᠢ ᠵᠠᠰᠠᠬᠤ ᠤᠢ ᠰᠢᠭᠤᠢ ᠶᠢᠨ ᠪᠦᠰᠡ ᠶᠢ ᠰᠠᠶᠢᠲᠤᠷ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ᠂ ᠬᠠᠷᠢᠶ᠎ᠠ ᠭᠠᠵᠠᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠳᠦᠰᠦᠨ ᠠᠴᠠ ᠨᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠶ ᠥᠭᠡᠷᠡᠴᠢᠯᠡᠵᠦ᠂ ᠳᠠᠬᠢᠨ ᠢᠯᠡᠷᠡᠬᠦ ᠥᠬᠡᠶ ᠪᠠᠶᠢᠬᠤ ᠶᠢ ᠪᠡᠶᠡᠯᠡᠭᠦᠯᠵᠦ᠂ ᠬᠠᠶᠠᠭᠳᠠᠮᠠᠯ ᠤᠰᠤ᠂ ᠬᠠᠶᠠᠭᠳᠠᠮᠠᠯ ᠬᠡᠶ᠂ ᠬᠠᠶᠠᠭᠳᠠᠮᠠᠯ ᠰᠢᠭᠠᠷᠤ ᠶᠢ ᠰᠢᠢᠳᠪᠦᠷᠢᠯᠡᠵᠦ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠶ ᠭᠡᠵᠡᠢ᠃
ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠼᠤᠤ ᡁᠢ᠂ ᠬᠤᠳᠠ ᠶᠢᠨ ᠳᠡᠳ᠋ ᠳᠠᠷᠤᠭ᠎ᠠ ᠭᠤᠤ ᠬᠠᠨ ᠣᠷᠣᠯᠴᠠᠪᠠ᠃