ᠵᠤᠬᠢᠶᠠᠭᠴᠢ:
ᠴᠠᠭ:2025-05-30
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠬᠠᠢ ᠲᠢᠶᠠᠨ ᠷᠦᠢ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠯᠢᠨ ᠲᠠᠢ ᠠᠭᠤᠯᠵᠠᠪᠠ
2025 5 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠡᠭᠡᠵᠢᠩ ᠤᠨ ᠬᠠᠶ ᠲᠢᠶᠠᠨ ᠷᠦᠢ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠯᠢᠨ ᠲᠠᠢ ᠠᠭᠤᠯᠵᠠᠪᠠ᠃
ᠠᠭᠤᠯᠵᠠᠯᠲᠠ ᠳᠤ᠂ ᠬᠤᠶᠠᠷ ᠲᠠᠯ᠎ᠠ ᠪᠠᠷ ᠢᠶᠠᠨ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠦᠪᠯᠡᠷᠡᠵᠦ᠂ ᠪᠣᠳᠣᠯᠭ᠎ᠠ ᠶᠢᠨ ᠬᠦᠴᠦᠨ ᠤ ᠰᠠᠭᠤᠷᠢ ᠪᠠᠲᠤ᠂ ᠬᠡᠷᠡᠭᠯᠡᠭᠡᠨ ᠤ ᠠᠬᠤᠶ ᠪᠠᠶᠢᠳᠠᠯ ᠪᠠᠶᠠᠯᠢᠭ ᠪᠠᠶᠢᠵᠤ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠤᠯᠤᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠴᠤᠭᠯᠠᠷᠠᠯ ᠤᠨ ᠴᠢᠨᠠᠷ ᠰᠠᠶᠢᠲᠠᠶ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠥᠲᠥᠭᠡᠨ ᠪᠠᠶᠢᠭᠤᠯᠵᠤ᠂ ᠲᠤᠭ᠎ᠠ ᠪᠠᠷᠢᠮᠲᠠ ᠶᠢᠨ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠪᠠ ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠬᠢᠮᠡᠯ ᠤᠶᠤᠨ ᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠷᠬᠡᠶᠢᠯᠡᠪᠡ᠃
ᠲᠣᠰ ᠡᠳᠦᠷ ᠤᠨ ᠦᠳᠡ ᠶᠢᠨ ᠬᠤᠶᠢᠨ᠎ᠠ᠂ ᠬᠠᠶ ᠲᠢᠶᠠᠨ ᠷᠦᠢ ᠱᠧᠩ ᠪᠤᠯᠤᠨ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠪᠦᠯᠦᠭᠯᠡᠯ᠂ ᠰᠢᠨ᠎ᠡ ᠬᠤᠲᠠ ᠲᠣᠭᠤᠷᠢᠭ ᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠬᠦ ᠲᠤᠬᠠᠶ ᠵᠥᠪᠯᠡᠯᠴᠡᠭᠡᠷ ᠲᠤᠭᠲᠠᠵᠠᠢ᠃
ᠬᠤᠳᠠ ᠶᠢᠨ ᠤᠳᠤᠷᠢᠳᠤᠯᠭ᠎ᠠ ᠰᠦᠨ ᠬᠤᠤ᠂ ᠼᠤᠤ ᡁᠢ ᠣᠷᠣᠯᠴᠠᠪᠠ᠃