ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ︵ᠥᠷᠭᠡᠳᠬᠡᠭᠰᠡᠨ︶ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ
5·18 ᠤᠯᠠᠨ ᠤᠯᠤᠰ ᠤᠨ ᠮᠦᠽᠸᠢ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ︵ᠦᠷᠭᠡᠳᠭᠡᠭᠰᠡᠨ︶2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠶᠠᠪᠤᠭᠳᠠᠭᠤᠯᠵᠤ᠂ ᠤᠨ ᠰᠣᠶᠣᠯ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂《ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ》 ᠶᠢ ᠨᠠᠶᠢᠳᠠᠪᠤᠷᠢᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ᠂ ᠰᠣᠶᠣᠯ ᠤᠨ ᠰᠤᠳᠤᠯᠭᠠᠨ ᠪᠠ ᠤᠯᠠᠮᠵᠢᠯᠠᠨ ᠵᠠᠯᠭᠠᠮᠵᠢᠯᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠣᠷᠣᠨ ᠤ ᠲᠥᠪ ᠬᠤᠲᠠ ᠶᠢᠨ ᠰᠣᠶᠣᠯ ᠤᠨ ᠴᠢᠳᠠᠪᠬᠢ ᠳᠡᠰ ᠢ ᠦᠨᠡᠨ ᠬᠦ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠠᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ ᠡᠷᠲᠡᠨ ᠤ ᠬᠥᠮᠦᠨ ᠲᠥᠷᠥᠯᠬᠢᠲᠡᠨ ᠤ ᠰᠤᠳᠤᠯᠭᠠᠨ ᠤ ᠭᠠᠵᠠᠷ ᠤᠨ ᠳᠠᠷᠤᠭ᠎ᠠ ᠰᠢᠤᠢ ᠰᠢᠩ᠂ ᠤᠯᠠᠨ ᠤᠯᠤᠰ ᠤᠨ ᠪᠠᠯᠠᠷ ᠡᠷᠲᠡᠨ ᠤ ᠰᠤᠳᠤᠯᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠪᠠ ᠡᠷᠲᠡᠨ ᠤ ᠬᠥᠮᠦᠨ ᠲᠥᠷᠥᠯᠬᠢᠲᠡᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠭᠤᠤ ᠰᠢᠩ ᠢ ᠤᠷᠢᠵᠤ ᠲᠤᠰ ᠲᠤᠰ ᠰᠣᠶᠣᠯ ᠤᠨ ᠥᠪ ᠢ ᠠᠭᠤᠳᠠᠯᠤᠨ ᠬᠠᠮᠠᠭᠠᠯᠠᠵᠤ ᠤᠯᠠᠮᠵᠢᠯᠠᠨ ᠠᠰᠢᠭᠯᠠᠬᠤ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠪᠡ᠃
ᠪᠣᠣ ᠭᠠᠩ ᠬᠡᠯᠡᠬᠦ ᠳᠡᠭᠡᠨ᠂ ᠨᠠᠮ ᠤᠨ ᠠᠷᠪᠠᠨ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠪᠢᠳᠡᠨ ᠤ ᠰᠢᠨ᠎ᠡ ᠴᠠᠭ ᠦᠶ᠎ᠡ ᠶᠢᠨ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠭᠦᠨᠵᠡᠭᠡᠢ ᠡᠵᠡᠮᠳᠡᠵᠦ᠂ ᠠᠭᠤᠰᠤᠯᠴᠠᠭᠤᠯᠤᠨ ᠨᠡᠪᠲᠡᠷᠡᠯᠴᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠴᠢᠩᠭᠠᠳᠬᠠᠵᠤ᠂ ᠠᠯᠤᠰ ᠬᠡᠳᠤ᠂ ᠳᠡᠯᠡᠬᠡᠢ ᠳ᠋ᠠᠬᠢᠨ᠂ ᠰᠢᠨᠵᠢᠯᠡᠬᠦ ᠤᠬᠠᠭᠠᠨᠴᠢ ᠬᠠᠷᠠᠴᠠ ᠪᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠪᠦᠭᠡ ᠳᠡᠭᠡᠳᠦᠰ ᠤᠨ ᠦᠯᠡᠳᠡᠭᠡᠭᠰᠡᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠵᠤ᠂ ᠰᠣᠶᠣᠯ ᠤᠨ ᠤᠬᠠᠮᠰᠠᠷ ᠪᠣᠯᠤᠨ ᠰᠣᠶᠣᠯ ᠤᠨ ᠢᠲᠡᠭᠡᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠠᠭᠤᠳᠠᠯᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠭᠤᠴᠢ ᠰᠤᠳᠤᠯᠤᠯ ᠤᠨ ᠠᠭᠤᠳᠠᠯᠤᠯᠲᠠ ᠪᠠ ᠪᠠᠭᠤᠷᠢ ᠶᠢᠨ ᠴᠡᠴᠡᠷᠯᠢᠭ ᠢ ᠭᠤᠶᠤᠴᠢᠯᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠴᠦᠬᠡᠨ ᠴᠦ ᠬᠦᠯᠢᠴᠡᠬᠦ ᠦᠭᠡᠢ ᠣᠪᠣᠷ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠰᠣᠶᠣᠯ ᠤᠨ ᠦᠨᠳᠦᠰᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠤᠯᠠᠮᠵᠢᠯᠠᠨ ᠠᠰᠢᠭᠯᠠᠬᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠶᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ᠃《ᠮᠦᠽᠧᠶ ᠶᠢᠨ ᠬᠤᠲᠠ》 ᠶᠢ ᠲᠦᠷᠭᠡᠳᠬᠡᠨ ᠪᠠᠶᠢᠭᠤᠯᠵᠤ᠂《ᠨᠢᠭᠡ ᠬᠦᠷᠢᠶᠡᠯᠡᠩ ᠵᠢᠷᠭᠤᠭᠠᠨ ᠮᠦᠽᠧᠶ》 ᠶᠢᠨ ᠳᠣᠲᠣᠭᠠᠳᠤ ᠶᠢᠨ ᠡᠬᠢ ᠪᠠᠶᠠᠯᠢᠭ ᠢ ᠨᠡᠶᠢᠳᠭᠡᠬᠦ ᠶᠢ ᠴᠢᠩᠭᠠᠳᠬᠠᠨ᠂ ᠤᠯᠤᠰ ᠤᠨ ᠳᠣᠲᠣᠭᠠᠳᠤ ᠪᠠ ᠳᠡᠯᠡᠬᠡᠶ ᠶᠢᠨ ᠨᠠᠷᠠᠲᠤ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠥᠷᠭᠡᠳᠬᠡᠵᠦ᠂ ᠨᠢᠭᠡ ᠪᠦᠯᠦᠭ ᠭᠦᠨᠴᠡ᠂ ᠥᠨᠳᠥᠷ ᠬᠢᠷᠢ ᠲᠦᠪᠰᠢᠨ ᠪᠥᠬᠦᠶ ᠰᠣᠶᠣᠯ ᠦᠵᠡᠰᠬᠦᠯᠡᠩ ᠤᠨ ᠦᠵᠡᠭᠦᠯᠭᠡ ᠶᠢ ᠦᠷᠭᠦᠯᠵᠢᠯᠡᠨ ᠲᠠᠲᠠᠵᠤ᠂ ᠳᠡᠯᠭᠡᠨ ᠦᠵᠡᠭᠦᠯᠬᠦ ᠬᠡᠯᠪᠡᠷᠢ ᠶᠢ ᠵᠣᠷᠢᠭᠲᠠᠶ ᠪᠠᠷ ᠰᠢᠨ᠎ᠡ ᠪᠠᠷ ᠡᠭᠦᠳᠴᠦ᠂ ᠬᠢᠮᠡᠯ ᠣᠶᠤᠨ᠂ VR᠂ AR ᠵᠡᠷᠭᠡ ᠮᠡᠷᠭᠡᠵᠢᠯ ᠢ ᠭᠦᠢᠴᠡᠳ ᠬᠡᠷᠡᠭᠯᠡᠨ᠂ ᠮᠦᠽᠧᠶ ᠶᠢ ᠨᠠᠩ《ᠦᠵᠡᠰᠢ》ᠲᠠᠢ ᠪᠤᠯᠭᠠᠬᠤ ᠬᠡᠷᠡᠭᠲᠡᠢ᠃ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂《ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ》 ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠬᠢᠭᠡᠳ ᠵᠢᠭᠤᠯᠴᠢᠯᠠᠯ᠂ ᠬᠤᠳᠠᠯᠳᠤᠭ᠎ᠠ᠂ ᠵᠢᠷᠤᠭ ᠲᠥᠯᠥᠪᠯᠡᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠦᠷᠦᠯ ᠲᠡᠮᠳᠡᠭ ᠢ ᠡᠭᠦᠳᠴᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠳᠠᠬᠢᠨ ᠢᠶᠠᠷ ᠬᠥᠭᠵᠢᠭᠡᠬᠦ ᠬᠡᠷᠡᠭᠲᠡᠢ᠃ ᠳᠡᠮᠵᠢᠯᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠡᠦᠬᠡ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ》 《ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠪᠡᠯᠡ ᠮᠥᠩᠭᠦ ᠶᠢᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠦᠽᠧᠶ ᠶᠢᠨ ᠳᠠᠷᠤᠭ᠎ᠠ᠂ ᠰᠤᠳᠤᠯᠤᠭᠴᠢ᠂ ᠲᠠᠶᠢᠯᠪᠤᠷᠢᠯᠠᠭᠴᠢ ᠵᠡᠷᠭᠡ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠣᠶᠣᠯ ᠦᠵᠡᠰᠬᠦᠯᠡᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃