ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠯᠢ ᠰᠢᠨ ᠲᠠᠢ ᠶᠠᠷᠢᠯᠴᠠᠬᠤ ᠬᠤᠷᠠᠯ ᠬᠢᠪᠡ
2025 5 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠯᠢ ᠰᠢᠨ ᠲᠠᠢ ᠶᠠᠷᠢᠯᠴᠠᠬᠤ ᠬᠤᠷᠠᠯ ᠬᠢᠪᠡ᠃
ᠪᠣᠣ ᠭᠠᠩ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠷᠣᠨ ᠤ ᠲᠥᠪ ᠬᠤᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠳᠣᠬᠠᠨ ᠳᠤ ᠮᠥᠩᠭᠦᠨ ᠭᠦᠢᠯᠭᠡᠭᠡᠨ ᠤ ᠦᠢᠯᠡᠰ ᠨᠢ ᠨᠢᠭᠡᠨᠲᠡ ᠣᠷᠣᠨ ᠤ ᠲᠥᠪ ᠬᠤᠲᠠ ᠶᠢᠨ ᠲᠤᠯᠭᠠᠭᠤᠷᠢ ᠠᠵᠤ ᠦᠢᠯᠡᠰ ᠪᠣᠯᠵᠤ ᠪᠠᠶᠢᠨ᠎ᠠ᠂ ᠪᠢᠳᠡ ᠶᠠᠭ ᠣᠷᠣᠨ ᠪᠦᠰᠡ ᠶᠢᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠡᠰ ᠤᠨ ᠮᠥᠩᠭᠦᠨ ᠭᠦᠢᠯᠭᠡᠭᠡᠨ ᠤ ᠳ᠋ᠡᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠭᠤᠶᠤᠴᠢᠯᠠᠨ ᠪᠠᠶᠢᠭᠤᠯᠵᠤ ᠪᠠᠶᠢᠨ᠎ᠠ᠂ ᠡᠨᠡ ᠨᠢ ᠴᠥᠮ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ᠂ ᠨᠡᠩ ᠤᠯᠠᠨ《ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ》 ᠢ ᠲᠠᠲᠠᠵᠤ ᠣᠷᠣᠨ ᠤ ᠲᠥᠪ ᠬᠤᠲᠠ ᠶᠢᠨ 《ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ》 ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠦᠯᠬᠦ᠂ ᠣᠷᠣᠨ ᠨᠤᠲᠤᠭ ᠤᠨ ᠳᠤᠮᠳᠠ ᠪᠠᠭ᠎ᠠ ᠪᠠᠩᠬᠢ ᠶᠢᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠪᠠᠷ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃
ᠯᠢᠦ ᠯᠢ ᠰᠢᠨ ᠣᠷᠣᠨ ᠤ ᠲᠥᠪ ᠬᠤᠲᠠ ᠶᠢᠨ ᠬᠢᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠣᠷᠣᠨ ᠤ ᠲᠥᠪ ᠬᠤᠲᠠ ᠶᠢᠨ ᠮᠥᠩᠭᠦᠨ ᠭᠦᠢᠯᠭᠡᠭᠡᠨ ᠤ ᠠᠮᠢ ᠠᠬᠤᠶ ᠰᠠᠶᠢᠨ᠂ ᠪᠠᠭᠲᠠᠭᠠᠮᠵᠢ ᠶᠡᠭᠡ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠪᠥᠬᠦ ᠣᠷᠣᠨ ᠤ ᠡᠮᠦᠨ᠎ᠡ ᠡᠩᠨᠡᠭᠡᠨ ᠳᠤ ᠬᠤᠰᠢᠭᠤᠷᠠᠪᠠ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠣᠷᠣᠨ ᠨᠤᠲᠤᠭ ᠯᠤᠭ᠎ᠠ ᠠᠳᠠᠯᠢ ᠴᠢᠭᠯᠡᠯ ᠢᠶᠠᠷ ᠬᠦᠴᠦᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠠᠷᠭ᠎ᠠ ᠵᠠᠮ ᠢ ᠰᠢᠯᠤᠭᠤᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠣᠷᠣᠨ ᠤ ᠲᠥᠪ ᠬᠤᠲᠠ ᠶᠢᠨ ᠣᠷᠣᠨ ᠪᠦᠰᠡ ᠶᠢᠨ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠲᠥᠪ ᠪᠣᠯᠣᠨ ᠮᠥᠩᠭᠦᠨ ᠭᠦᠢᠯᠭᠡᠭᠡᠨ ᠤ ᠳ᠋ᠡᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠳᠤᠮᠳᠠ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠳᠤ ᠬᠦᠴᠦᠨ ᠨᠡᠮᠡᠷᠢᠯᠡᠨ᠎ᠡ ᠭᠡᠵᠡᠢ᠃
ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠢᠦᠶ ᠴᠦᠨ ᠯᠠᠨ᠂ ᠶᠣᠣ ᠵᠥᠩ ᠢ᠂ ᠬᠤᠲᠠ ᠶᠢᠨ ᠤᠳᠤᠷᠢᠳᠤᠯᠭ᠎ᠠ ᠯᠢᠦ ᠵᠢᠶ ᠶᠢᠩ᠂ ᠼᠤᠤ ᡁᠢ ᠣᠷᠣᠯᠴᠠᠵᠠᠶ᠃