ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
2025 5 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠳᠠᠨ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠦᠴᠦ ᠪᠠᠨ ᠬᠠᠮᠲᠤᠳᠬᠠᠨ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠪᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠣᠷᠣᠯᠴᠠᠵᠠᠢ᠃
ᠶᠠᠷᠢᠯᠴᠠᠬᠤ ᠬᠤᠷᠠᠯ ᠳᠡᠭᠡᠷ᠎ᠡ᠂ ᠤᠯᠠᠨ ᠢᠶᠠᠷ ᠢᠶᠠᠨ ᠤᠶᠤᠲᠠᠳ ᠤᠨ ᠬᠥᠬᠡᠬᠤᠲᠠ ᠳᠤ ᠦᠯᠡᠳᠡᠵᠦ ᠠᠵᠢᠯ ᠤᠯᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠥᠬᠡᠬᠤᠲᠠ ᠳᠤ ᠤᠯᠠᠷᠢᠭᠤᠯᠬᠤ ᠵᠡᠷᠭᠡ ᠲᠠᠯ᠎ᠠ ᠪᠠᠷ ᠪᠤᠳᠤᠯ ᠰᠠᠨᠠᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠠᠢ᠃ ᠪᠣᠣ ᠭᠠᠩ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ ᠢ ᠬᠤᠷᠠᠯ ᠤᠨ ᠳᠠᠷᠠᠭ᠎ᠠ ᠨᠢᠭᠡᠳ ᠨᠢᠭᠡ ᠪᠠᠷ ᠡᠮᠬᠢᠯᠡᠵᠦ᠂ ᠭᠦᠢᠴᠡᠳ ᠰᠢᠩᠭᠡᠭᠡᠨ ᠠᠪᠴᠤ᠂ ᠬᠤᠯᠪᠣᠭᠳᠠᠯ ᠪᠦᠬᠦᠢ ᠠᠵᠢᠯ ᠢ ᠦᠨᠡᠨ ᠬᠦ ᠠᠬᠢᠭᠤᠯᠵᠤ ᠪᠣᠳᠠᠲᠠᠢ ᠦᠷ᠎ᠡ ᠪᠦᠲᠦᠮᠵᠢ ᠪᠣᠯᠭᠠᠨ ᠤᠯᠠᠷᠢᠭᠤᠯᠬᠤ ᠬᠡᠷᠡᠭᠲᠡᠢ ᠭᠡᠵᠦ ᠱᠠᠭᠠᠷᠳᠠᠪᠠ᠃
ᠪᠣᠣ ᠭᠠᠩ ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠣᠷᠣᠨ ᠤ ᠲᠥᠪ ᠬᠤᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂《ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠥᠭᠵᠢᠭᠦᠯᠬᠦ》ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠂ ᠪᠠᠰᠠ ᠴᠤ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠬᠤᠲᠠ ᠶᠢᠨ ᠬᠥᠮᠦᠨ ᠠᠮᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ᠂《ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ》 ᠢ ᠭᠦᠨᠵᠡᠭᠡᠢ ᠬᠡᠷᠡᠭᠵᠢᠭᠦᠯᠵᠦ᠂ ᠢᠮᠠᠭᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ《ᠤᠷᠳᠤ ᠬᠤᠭᠤᠴᠠᠭᠠᠨ ᠤ ᠦᠵᠡᠯ》 ᠢ ᠪᠠᠷᠢᠮᠲᠠᠯᠠᠵᠤ᠂ ᠲᠤᠰᠬᠠᠢ ᠰᠠᠭᠤᠷᠢ ᠮᠥᠩᠭᠦ ᠪᠠᠶᠢᠭᠤᠯᠵᠤ᠂ ᠠᠮᠢ ᠠᠬᠤᠢ ᠶᠢᠨ ᠬᠤᠯᠪᠣᠭ᠎ᠠ ᠶᠢ ᠪᠠᠶᠢᠭᠤᠯᠤᠨ᠂ ᠨᠡᠩ ᠤᠯᠠᠨ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠣᠷᠣᠨ ᠤ ᠲᠥᠪ ᠬᠤᠲᠠ ᠳᠤ ᠲᠦᠷᠭᠡᠨ ᠴᠤᠭᠯᠠᠷᠠᠪᠠ᠃ ᠣᠳᠣᠬᠠᠨ ᠳᠤ ᠣᠷᠣᠨ ᠤ ᠲᠥᠪ ᠬᠤᠲᠠ ᠬᠥᠭᠵᠢᠯᠲᠡ ᠪᠠᠨ ᠲᠦᠷᠭᠡᠳᠬᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠬᠦᠰᠡᠨ ᠡᠷᠡᠮᠡᠯᠵᠡᠵᠦ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠤᠨ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠶᠤᠲᠠᠳ ᠤᠨ ᠬᠥᠬᠡᠬᠤᠲᠠ ᠳᠤ ᠦᠯᠡᠳᠡᠬᠦ ᠶᠢ ᠠᠬᠢᠭᠤᠯᠬᠤ ᠳᠡᠭᠡᠷ᠎ᠡ ᠢᠯᠡᠭᠦᠬᠡᠨ ᠬᠦᠴᠦ ᠣᠷᠣᠭᠤᠯᠵᠤ᠂ ᠦᠢᠯᠡᠳᠪᠦᠷᠢᠯᠡᠯ᠂ ᠰᠤᠷᠭᠠᠨ ᠬᠥᠮᠦᠵᠢᠯ᠂ ᠰᠤᠳᠤᠯᠭᠠᠨ᠂ ᠪᠤᠯᠪᠠᠰᠤᠷᠠᠭᠤᠯᠤᠯ ᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠵᠦ᠂《ᠬᠥᠮᠦᠨ ᠪᠠᠶᠢᠭᠠᠳ ᠠᠵᠢᠯ ᠦᠭᠡᠢ᠂ ᠠᠵᠢᠯ ᠪᠠᠶᠢᠭᠠᠳ ᠬᠢᠬᠦ ᠬᠥᠮᠦᠨ ᠦᠭᠡᠢ》ᠪᠠᠶᠢᠬᠤ ᠵᠥᠷᠢᠴᠡᠯ ᠢ ᠦᠨᠡᠨ ᠬᠦ ᠰᠠᠶᠢᠲᠤᠷ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠣᠷᠣᠨ ᠤ ᠲᠥᠪ ᠬᠤᠲᠠ ᠪᠠᠰᠠ《ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ》 ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ᠂ ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ ᠶᠢ ᠦᠷᠭᠦᠯᠵᠢᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠵᠠᠯᠠᠭᠤᠴᠤᠳ ᠤᠨ ᠰᠡᠳᠬᠢᠯ ᠲᠠᠯᠪᠢᠵᠤ ᠪᠠᠶᠢᠭ᠎ᠠ ᠣᠷᠣᠨ ᠰᠠᠭᠤᠴᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠡᠨ ᠪᠣᠳᠠᠲᠠᠶ ᠠᠷᠭ᠎ᠠ ᠬᠡᠮᠵᠢᠶ᠎ᠡ ᠪᠠᠷ ᠤᠶᠤᠲᠠᠳ ᠤᠨ ᠬᠥᠬᠡᠬᠤᠲᠠ ᠳᠤ ᠦᠯᠡᠳᠡᠬᠦ ᠳᠤ ᠰᠠᠶᠢᠲᠤᠷ ᠵᠠᠮ ᠳᠡᠪᠢᠰᠴᠦ᠂ ᠲᠡᠳᠡᠨ ᠢ ᠤᠷᠤᠨ ᠤ ᠲᠥᠪ ᠬᠤᠲᠠ ᠳᠤ ᠦᠯᠡᠳᠡᠭᠡᠵᠦ᠂ ᠰᠠᠶᠢᠲᠤᠷ ᠠᠵᠢᠯᠯᠠᠭᠤᠯᠤᠨ᠎ᠠ᠃ ᠡᠭᠦᠨ ᠤ ᠬᠠᠮᠲᠤ᠂ ᠤᠯᠠᠨ ᠢᠶᠠᠷ ᠢᠶᠠᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠳᠤ ᠲᠦᠰᠢᠭᠯᠡᠨ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠬᠢᠮᠡᠯ ᠤᠶᠤᠨ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠪᠣᠬᠢᠷᠲᠤᠯ ᠦᠭᠡᠢ ᠡᠨᠧᠷᠭᠢ ᠬᠠᠳᠠᠭᠠᠯᠠᠬᠤ᠂ ᠰᠦ ᠶᠢᠨ ᠦᠢᠯᠡᠰ᠂ ᠡᠪᠡᠰᠦᠨ ᠤ ᠦᠢᠯᠡᠰ᠂ ᠬᠠᠭᠠᠰ ᠳᠠᠮᠵᠢᠭᠤᠯᠤᠭᠴᠢ ᠶᠢᠨ ᠴᠠᠬᠢᠭᠤᠷ ᠮᠠᠲ᠋ᠧᠷᠢᠶᠠᠯ ᠵᠡᠷᠭᠡ ᠠᠵᠤ ᠦᠢᠯᠡᠰ ᠤᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ ᠭᠡᠵᠡᠢ᠃
ᠶᠠᠷᠢᠯᠴᠠᠬᠤ ᠬᠤᠷᠠᠯ ᠠᠴᠠ ᠡᠮᠦᠨ᠎ᠡ᠂ ᠪᠦᠦ ᠭᠠᠩ ᠨᠠᠷ ᠲᠢᠺ ᠲᠤᠺ︵ᠬᠥᠬᠡᠬᠤᠲᠠ︶AI ᠳ᠋ᠠᠶᠢᠲ᠋ᠠ ᠶᠢᠨ ᠦᠢᠯᠡᠴᠢᠯᠡᠭᠡᠨ ᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠣᠯᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ ᠤᠨ ᠰᠢᠨ᠎ᠡ ᠶᠢ ᠡᠭᠦᠳᠬᠦ ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠢᠩᠬᠢᠮ ᠤᠨ ᠱᠠᠲᠤᠨ ᠠᠴᠠ ᠣᠷᠣᠨ ᠤ ᠲᠥᠪ ᠬᠤᠲᠠ ᠶᠢᠨ ᠬᠠᠮᠢᠶ᠎ᠠ ᠪᠥᠬᠦᠶ ᠠᠵᠢᠯ ᠢ ᠳᠡᠮᠵᠢᠬᠦ ᠲᠤᠬᠠᠶ ᠦᠭᠡ ᠬᠡᠯᠡᠵᠦ᠂ ᠬᠥᠬᠡᠬᠤᠲᠠ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠳᠤᠷᠢᠳᠤᠯᠭ᠎ᠠ ᠰᠦᠨ ᠬᠤᠤ᠂ ᠼᠤᠤ ᡁᠢ᠂ ᠵᠢᠶᠤᠤ ᠬᠤᠩ ᠣᠷᠣᠯᠴᠠᠵᠠᠶ᠃