ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠪᠠ
ᠾᠧ ᠬᠠᠢ ᠳ᠋ᠦᠩ ᠬᠤᠷᠠᠯ ᠢ ᠡᠷᠬᠢᠯᠡᠵᠡᠢ
2025 5 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂《ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠥᠯ》︵ᠳᠣᠷᠣᠭᠰᠢ《ᠬᠡᠷᠡᠭᠵᠢᠭᠦᠯᠬᠦ ᠲᠥᠰᠥᠯ》ᠭᠡᠵᠦ ᠲᠣᠪᠴᠢᠯᠠᠨ᠎ᠠ︶《ᠦᠵᠡᠰᠭᠦᠯᠡᠩᠲᠦ ᠰᠠᠶᠢᠬᠠᠨ ᠤᠷᠤᠨ ᠤ ᠲᠥᠪ ᠬᠤᠲᠠ ᠶᠢᠨ ᠪᠦᠲᠦᠭᠡᠨ ᠪᠠᠢᠭᠤᠯᠤᠯᠲᠠ ᠶᠢᠨ ᠲᠦᠯᠦᠪᠵᠢᠭᠦᠯᠭᠡ》 ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃
ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ《ᠬᠡᠷᠡᠭᠵᠢᠭᠦᠯᠬᠦ ᠲᠥᠰᠥᠯ》 ᠢ ᠴᠢᠨᠠᠭᠰᠢᠳᠠ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠪᠡᠯᠡ ᠮᠥᠩᠭᠦ ᠪᠠᠷ ᠬᠤᠳᠠᠯᠳᠤᠭᠠᠴᠢᠨ ᠤᠷᠢᠬᠤ᠂ ᠠᠬᠤᠢ ᠪᠠᠶᠢᠳᠠᠯ ᠢᠶᠠᠷ ᠬᠤᠳᠠᠯᠳᠤᠭᠠᠴᠢᠨ ᠤᠷᠢᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠡᠯᠧᠮᠧᠨ᠋ᠲ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢ ᠲᠤᠰᠬᠠᠢ ᠤᠷᠢᠬᠤ ᠶᠢ ᠠᠬᠢᠭᠤᠯᠵᠤ᠂ ᠪᠦᠬᠦ ᠬᠡᠯᠬᠢᠶ᠎ᠡ᠂ ᠤᠯᠠᠨ ᠲᠠᠯᠠᠲᠤ᠂ ᠥᠨᠳᠥᠷ ᠴᠢᠳᠠᠪᠬᠢᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠣᠷᠣᠨ ᠤ ᠲᠥᠪ ᠬᠤᠲᠠ ᠶᠢᠨ ᠳᠠᠪᠠᠭᠤᠯᠢᠭ ᠪᠣᠯᠣᠨ ᠣᠨᠴᠠᠯᠢᠭ ᠲᠤ ᠰᠠᠭᠤᠷᠢᠯᠠᠵᠤ᠂《ᠦᠵᠡᠰᠬᠦᠯᠡᠩᠲᠦ ᠰᠠᠶᠢᠬᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ》 ᠶᠢ ᠴᠢᠨᠠᠭᠰᠢᠳᠠ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠵᠤ᠂《ᠬᠠᠮᠤᠭ ᠦᠨ ᠰᠠᠶᠢᠬᠠᠨ ᠭᠠᠵᠠᠷ》 ᠤᠨ ᠪᠦᠬᠦ ᠬᠦᠷᠢᠶ᠎ᠡ ᠴᠠᠷᠠᠭ᠎ᠠ ᠪᠠᠷ ᠦᠵᠡᠰᠬᠦᠯᠡᠩᠲᠦ ᠰᠠᠶᠢᠬᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃