ᠵᠤᠬᠢᠶᠠᠭᠴᠢ:
ᠴᠠᠭ:2025-05-09
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠾᠧ ᠬᠠᠢ ᠳ᠋ᠦᠩ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠰᠦᠩ ᠺᠠᠢ ᠲᠠᠢ ᠶᠠᠷᠢᠯᠴᠠᠬᠤ ᠬᠤᠷᠠᠯ ᠬᠢᠪᠡ
2025 5 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠰᠦᠩ ᠺᠠᠢ ᠲᠠᠢ ᠶᠠᠷᠢᠯᠴᠠᠬᠤ ᠬᠤᠷᠠᠯ ᠬᠢᠪᠡ᠃
ᠪᠣᠣ ᠭᠠᠩ ᠰᠦᠩ ᠺᠠᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠮᠠᠨ ᠤ ᠬᠤᠳᠠ ᠶᠢᠨ ᠬᠥᠯ ᠪᠥᠮᠪᠦᠭᠡ ᠶᠢᠨ ᠦᠢᠯᠡᠰ ᠢ ᠳᠡᠮᠵᠢᠭᠰᠡᠨ ᠪᠠ ᠤᠷᠤᠯᠳᠤᠭᠠᠨ ᠡᠷᠬᠢᠯᠡᠬᠦ ᠴᠢᠳᠠᠪᠤᠷᠢ ᠶᠢ ᠢᠲᠡᠭᠡᠵᠦ ᠪᠠᠶᠢᠬᠤ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠲᠣᠰ ᠤᠳᠠᠭᠠᠨ ᠤ 2025 ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠣᠭ᠎ᠠ ᠶᠢᠨ ᠳᠤᠮᠳᠠᠳᠤ ᠤᠯᠤᠰ ᠲᠠᠬᠢ ᠡᠮᠡᠭᠲᠡᠶ ᠶᠢᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠤᠷᠤᠯᠳᠤᠭᠠᠨ ᠬᠥᠬᠡᠬᠤᠲᠠ ᠳᠤ ᠶᠠᠪᠤᠭᠳᠠᠬᠤ ᠪᠣᠯᠣᠭᠰᠠᠨ ᠨᠢ ᠬᠤᠲᠠ ᠶᠢᠨ ᠳᠡᠭᠡᠭᠰᠢᠯᠡᠭᠦᠯᠬᠦ᠂ ᠭᠠᠳᠠᠭᠠᠳᠤ ᠰᠣᠯᠢᠯᠴᠠᠭ᠎ᠠ ᠶᠢ ᠥᠷᠭᠡᠳᠬᠡᠬᠦ ᠳᠤ ᠴᠥᠮ ᠴᠢᠬᠤᠯᠠ ᠦᠢᠯᠡᠳᠦᠯ ᠦᠵᠡᠭᠦᠯᠵᠦ᠂ ᠣᠷᠣᠨ ᠤ ᠲᠥᠪ ᠬᠤᠲᠠ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠣᠨ᠎ᠠ᠃ ᠶᠢᠨ ᠵᠢᠯ ᠠᠴᠠ᠂ ᠬᠥᠬᠡᠬᠤᠲᠠ ᠬᠥᠯ ᠪᠥᠮᠪᠦᠭᠡ ᠶᠢᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ᠂ ᠰᠣᠶᠣᠯ ᠢ ᠲᠦᠭᠡᠮᠡᠯᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠠᠶᠢᠨ ᠰᠠᠶᠢᠬᠠᠨ ᠤᠯᠠᠨ ᠲᠦᠮᠡᠨᠴᠢ ᠰᠠᠭᠤᠷᠢ ᠪᠠ ᠬᠥᠯ ᠪᠥᠮᠪᠦᠭᠡ ᠶᠢᠨ ᠰᠠᠭᠤᠷᠢ ᠲᠠᠢ ᠪᠤᠯᠵᠠᠢ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠨᠢ ᠲᠦᠷᠦᠯ ᠲᠡᠮᠲᠡᠭᠲᠦ ᠤᠷᠤᠯᠳᠤᠭᠠᠨ ᠢ ᠡᠷᠬᠢᠯᠡᠬᠦ᠂ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠰᠣᠯᠢᠯᠴᠠᠭ᠎ᠠ ᠵᠡᠷᠭᠡ ᠲᠠᠯ᠎ᠠ ᠪᠠᠷ ᠦᠷᠭᠦᠯᠵᠢᠯᠡᠨ ᠳᠡᠮᠵᠢᠯᠭᠡ ᠵᠢᠯᠤᠭᠤᠳᠤᠯᠭ᠎ᠠ ᠪᠠᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃
ᠰᠥᠩ ᠺᠠᠶ ᠮᠠᠨ ᠤ ᠬᠤᠲᠠ ᠶᠢᠨ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠤᠭᠰᠠᠨ ᠳᠤ ᠲᠠᠯᠠᠷᠬᠠᠵᠤ᠂ ᠲᠣᠰ ᠤᠳᠠᠭᠠᠨ ᠤ ᠠᠽᠢᠶ᠎ᠠ ᠲᠢᠪ ᠬᠤᠨᠳᠠᠭᠠᠲᠤ ᠤᠷᠤᠯᠳᠤᠭᠠᠨ ᠳᠤ ᠣᠷᠣᠯᠴᠠᠬᠤ ᠲᠠᠮᠢᠷᠴᠢᠳ ᠬᠥᠬᠡᠬᠤᠲᠠ ᠳᠤ ᠢᠷᠡᠭᠰᠡᠨ ᠤ ᠳᠠᠷᠠᠭ᠎ᠠ᠂ ᠬᠥᠬᠡᠬᠤᠲᠠ ᠶᠢᠨ ᠠᠷᠠᠳ ᠬᠠᠯᠠᠭᠤᠮᠰᠤᠭ ᠵᠤᠴᠢᠨᠰᠠᠭ ᠢ ᠦᠨᠡᠨ ᠬᠦ ᠮᠡᠳᠡᠷᠡᠵᠡᠢ ᠭᠡᠵᠦ ᠢᠯᠡᠳᠭᠡᠪᠡ᠃ ᠲᠡᠷᠡ ᠬᠡᠯᠡᠬᠦ ᠳᠡᠭᠡᠨ᠂ ᠣᠷᠣᠨ ᠤ ᠲᠥᠪ ᠬᠤᠲᠠ ᠬᠥᠯ ᠪᠥᠮᠪᠦᠭᠡ ᠶᠢᠨ ᠦᠢᠯᠡᠰ ᠢ ᠬᠥᠭᠵᠢᠭᠦᠯᠬᠦ ᠳᠤ ᠰᠠᠭᠤᠷᠢ ᠪᠠᠲᠤ ᠪᠠᠬᠢ᠂ ᠪᠡᠯᠡᠳᠬᠡᠮᠵᠢ ᠪᠦᠷᠢᠨ ᠲᠡᠭᠦᠯᠳᠡᠷ᠂ ᠬᠦᠭ ᠠᠮᠢᠰᠬᠤᠯ ᠭᠦᠨ ᠵᠤᠵᠠᠭᠠᠨ ᠪᠠᠶᠢᠵᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠨᠡᠶᠢᠭᠡᠮᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠨᠠᠩ ᠣᠯᠠᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠡᠷᠬᠢᠯᠡᠬᠦ ᠶᠢ ᠳᠡᠮᠵᠢᠨ᠎ᠡ᠃ ᠪᠠᠰᠠ ᠲᠤᠬᠠᠶ ᠶᠢᠨ ᠭᠠᠵᠠᠷ ᠤᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠤ ᠨᠠᠩ ᠣᠯᠠᠨ ᠬᠥᠯ ᠪᠥᠮᠪᠦᠭᠡ ᠶᠢᠨ ᠴᠢᠳᠠᠪᠤᠷᠢᠲᠠᠨ ᠢ ᠬᠦᠮᠦᠵᠢᠭᠦᠯᠵᠦ ᠬᠦᠷᠭᠡᠨ᠂ ᠮᠠᠨ ᠤ ᠤᠯᠤᠰ ᠤᠨ ᠬᠥᠯ ᠪᠥᠮᠪᠦᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃
ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠶ᠂ ᠲᠣᠪᠴᠢᠶᠠᠨ ᠳᠠᠷᠤᠭ᠎ᠠ ᠳ᠋ᠦ᠋ ᠪᠥᠸᠧ ᠵᠢᠶᠦ᠋ᠨ᠂ ᠬᠤᠲᠠ ᠶᠢᠨ ᠳᠡᠳ᠋ ᠳᠠᠷᠤᠭ᠎ᠠ ᠸᠠᠩ ᠺᠦᠨ ᠣᠷᠣᠯᠴᠠᠪᠠ᠃