ᠵᠤᠬᠢᠶᠠᠭᠴᠢ:
ᠴᠠᠭ:2025-06-10
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠣᠣ ᠭᠠᠩ ᠢᠯᠢ᠂ ᠮᠧᠩ ᠼᠤᠤ᠂ ᠵᠦᠩ ᠬᠤᠸᠠᠨ᠂ ᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠭᠰᠠᠨ ᠨᠢ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠳᠠᠷᠤᠯᠲᠠ ᠥᠭᠭᠦᠨ ᠡᠷᠡᠯᠬᠡᠭᠯᠡᠨ ᠤᠷᠤᠭᠰᠢᠯᠠᠵᠤ ᠪᠣᠳᠠᠲᠠᠢ ᠠᠵᠢᠯᠯᠠᠵᠤ ᠪᠤᠲᠠᠲᠤ ᠠᠮᠵᠢᠯᠲᠠ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ
2025 6 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠢᠯᠢ᠂ ᠮᠧᠩ ᠼᠤᠤ᠂ ᠵᠥᠩ ᠬᠤᠸᠠᠨ᠂ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠵᠡᠷᠭᠡ ᠠᠵᠤ ᠠᠬᠤᠶᠢᠯᠠᠯ᠂ ᠨᠢᠭᠡᠴᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠥᠭᠵᠢᠯᠲᠡ ᠬᠤᠪᠢᠷᠠᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠶᠡᠷᠦᠩᠬᠡᠶ ᠱᠦᠵᠢ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠲᠠᠰᠤᠷᠠᠯᠲᠠ ᠥᠬᠡᠶ ᠰᠢᠨ᠎ᠡ ᠠᠬᠢᠴᠠ ᠭᠠᠷᠭᠠᠪᠠ᠃
ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠣᠣ ᠭᠠᠩ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ᠂ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠢᠯᠢ ᠪᠢᠰᠢᠯᠠᠭ ᠤᠨ ᠤᠶᠤᠨᠴᠢ ᠦᠢᠯᠡᠳᠭᠡᠯ᠂ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠤᠨ ᠦᠢᠯᠡᠳᠪᠦᠷᠢᠯᠡᠯ ᠡᠵᠡᠩᠨᠡᠯᠲᠡ ᠵᠢᠴᠢ ᠡᠪᠡᠰᠦᠨ ᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠶᠡᠷᠦᠩᠬᠡᠢ ᠱᠦᠵᠢ ᠤᠨ《ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠬᠤ》ᠴᠢᠬᠤᠯᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ᠂ ᠴᠠᠬᠢᠭᠤᠷ ᠰᠠᠭᠤᠷᠢ ᠰᠢᠨ᠎ᠡ ᠮᠠᠲ᠋ᠧᠷᠢᠶᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠰᠢᠨ᠎ᠡ ᠶᠢ ᠡᠭᠦᠳᠬᠦ ᠲᠥᠪ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂《ᠪᠣᠭᠤᠮᠢ》 ᠶᠢᠨ ᠮᠡᠷᠭᠡᠵᠢᠯ ᠤᠨ ᠰᠢᠪᠲᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠨ ᠠᠵᠤ ᠦᠢᠯᠡᠰ ᠤᠨ ᠬᠡᠯᠬᠢᠶ᠎ᠡ᠂ ᠦᠷᠳᠡᠭ ᠤᠨ ᠬᠡᠯᠬᠢᠶ᠎ᠡ ᠶᠢ ᠲᠠᠰᠤᠷᠠᠯᠲᠠ ᠦᠭᠡᠢ ᠳᠤᠮᠳᠠ ᠳᠡᠭᠡᠳᠦ ᠲᠡᠰ ᠲᠡᠶᠢᠰᠢ ᠳᠡᠭᠡᠭᠰᠢᠯᠡᠭᠦᠯᠬᠦ ᠶᠢ ᠵᠣᠷᠢᠭᠵᠢᠭᠤᠯᠬᠤ ᠶᠢᠨ ᠬᠠᠮᠲᠤ ᠬᠠᠷᠢᠶ᠎ᠠ ᠭᠠᠵᠠᠷ ᠤᠨ ᠬᠢᠨ ᠠᠵᠤ ᠠᠬᠤᠶᠢᠯᠠᠯ ᠲᠠᠢ ᠬᠠᠮᠲᠤ ᠪᠠᠷ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ᠂ ᠥᠨᠳᠥᠷ ᠰᠢᠨ᠎ᠡ ᠳᠠᠪᠰᠢᠯᠲᠠ ᠲᠠᠢ ᠪᠤᠯᠬᠤ ᠶᠢ ᠳᠡᠮᠵᠢᠬᠦ ᠬᠡᠷᠡᠭᠲᠡᠢ ᠭᠡᠵᠦ ᠵᠠᠬᠢᠪᠠ᠃
ᠪᠣᠣ ᠭᠠᠩ ᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠥᠨᠥᠴᠢᠨ ᠵᠡᠮᠳᠡᠭ ᠬᠡᠦᠬᠡᠳ ᠢ ᠠᠰᠠᠷᠠᠨ ᠬᠥᠮᠦᠵᠢᠭᠦᠯᠬᠦ ᠵᠠᠭᠪᠤᠷ᠂ ᠰᠤᠷᠭᠠᠨ ᠬᠥᠮᠦᠵᠢᠯ ᠤᠨ ᠪᠠᠲᠤᠯᠠᠭ᠎ᠠ᠂ ᠥᠪᠥᠷ ᠮᠣᠩᠭᠤᠯ ᠱᠠᠩᠬᠠᠢ ᠬᠤᠣᠰᠯᠠᠨ ᠬᠠᠪᠰᠤᠷᠴᠤ ᠲᠡᠳᠬᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠢᠭᠦᠨ ᠤ ᠲᠤᠷᠰᠢᠯᠭ᠎ᠠ ᠪᠣᠯᠣᠨ ᠬᠠᠮᠢᠶᠠᠷᠤᠯᠲᠠ ᠶᠢᠨ ᠣᠨᠣᠯᠵᠢᠬᠤᠨ ᠢ ᠢᠯᠡᠭᠦᠬᠡᠨ ᠰᠤᠷᠤᠯᠴᠠᠵᠤ᠂ 《ᠰᠤᠪᠢᠯᠠᠬᠤ᠂ ᠵᠠᠰᠠᠬᠤ᠂ ᠰᠤᠷᠭᠠᠨ ᠬᠥᠮᠦᠵᠢᠯ᠂ ᠡᠷᠡᠭᠦᠯᠵᠢᠯ᠂ ᠨᠡᠶᠢᠭᠡᠮ ᠤᠨ ᠬᠠᠷᠢᠯᠴᠠᠭ᠎ᠠ》 ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ ᠲᠤ ᠨᠡᠩ ᠬᠠᠯᠠᠭᠤᠨ ᠳᠤᠯᠠᠭᠠᠨ ᠲᠠᠭᠠᠯᠠᠮᠵᠢᠲᠠᠢ ᠬᠥᠮᠥᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢ ᠲᠣᠭᠤᠷᠢᠨ ᠦᠵᠡᠬᠦ ᠳᠡᠭᠡᠨ᠂ ᠪᠣᠣ ᠭᠠᠩ 2019 ᠣᠨ ᠤ ᠶᠡᠷᠦᠩᠬᠡᠢ ᠱᠦᠵᠢ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠦᠶ᠎ᠡ ᠳᠤ ᠳᠤᠷᠠᠳᠤᠭᠰᠠᠨ《ᠲᠦᠷᠪᠡ ᠶᠢ ᠪᠣᠳᠠᠲᠠᠶᠢᠵᠢᠭᠤᠯᠬᠤ》ᠴᠢᠬᠤᠯᠠ ᠱᠠᠭᠠᠷᠳᠠᠯᠭ᠎ᠠ ᠶᠢ ᠲᠠᠬᠢᠨ ᠡᠷᠭᠢᠴᠡᠭᠦᠯᠵᠦ᠂ ᠶᠠᠭ ᠥᠷᠨᠢᠭᠦᠯᠵᠦ ᠪᠠᠶᠢᠭ᠎ᠠ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠢ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠴᠢᠩᠭ᠎ᠠ ᠪᠣᠳᠠᠲᠠᠢ ᠠᠵᠢᠯ ᠤᠨ ᠰᠤᠷᠲᠠᠯ ᠢᠶᠠᠷ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠯᠠᠪᠳᠠᠭᠤᠨ ᠪᠠᠲᠤᠲᠠᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠯᠢᠦ ᠵᠢᠢ ᠶᠢᠩ ᠣᠷᠣᠯᠴᠠᠪᠠ᠃