ᠵᠤᠬᠢᠶᠠᠭᠴᠢ:
ᠴᠠᠭ:2025-10-06
ᠥᠵᠡᠭᠰᠡᠨ : ℃
ᠢᠷᠡᠯᠲᠡ:
ᠰᠤᠳᠤᠯᠪᠠ
2025 9 ᠰᠠᠷ᠎ᠠ ᠵᠢᠨ 29 ᠤ ᠡᠳᠦᠷ᠂ ᠬᠤᠲᠠ ᠵᠢᠨ ᠨᠠᠮ ᠤᠨ ᠬᠤᠷᠢᠶ᠎ᠠ ᠵᠢᠨ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠭᠤᠣᠯᠳᠠᠯᠭ᠎ᠠ ᠲᠠᠢ ᠬᠦᠷᠢᠶᠡᠨ ᠳᠠᠬᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠳᠤ ᠰᠤᠳᠤᠯᠤᠯᠲᠠ ᠬᠢᠪᠡ᠃
ᠬᠤᠲᠣᠩ ᠠᠷᠠᠳ ᠤᠨ ᠲᠣᠭᠤᠷᠢᠭ ᠤᠨ ᠨᠢᠦ ᠵᠡᠭᠡᠯᠢ ᠳᠤ᠂ ᠡᡁᠧ ᠬᠠᠢ ᠳ᠋ᠦᠩ ᠬᠤᠳᠠᠯᠳᠤᠭᠠᠴᠢᠳ ᠲᠠᠢ ᠳᠣᠲᠣᠨᠣ ᠪᠠᠷ ᠶᠠᠷᠢᠯᠴᠠᠵᠤ᠂ ᠢᠳᠡᠭᠡᠨ ᠤᠮᠳᠠᠭᠠᠨ᠂ ᠬᠡᠳᠦ ᠳᠡᠯᠭᠡᠭᠦᠷ ᠵᠡᠷᠭᠡ ᠲᠠᠯᠠᠪᠤᠷ ᠤᠨ ᠲᠣᠭᠤᠭᠠᠨ ᠭᠡᠷ ᠤᠨ ᠢᠳᠡᠭᠡᠨ ᠤ ᠮᠠᠲ᠋ᠧᠷᠢᠶᠠᠯ᠂ ᠰᠢᠲᠠᠮᠠᠬᠠᠢ ᠬᠡᠢ ᠵᠢᠨ ᠬᠡᠷᠡᠭᠯᠡᠯᠲᠡ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠢ ᠨᠠᠷᠢᠨ ᠣᠢᠯᠠᠭᠠᠵᠤ᠂ ᠤᠢᠷ᠎ᠠ ᠵᠢᠨ ᠬᠤᠭᠤᠴᠠᠭᠠᠨ ᠤ ᠲᠠᠸᠠᠷ ᠤᠨ ᠬᠠᠩᠭᠠᠯᠭ᠎ᠠ ᠂ ᠦᠨ᠎ᠡ ᠬᠠᠩᠰᠢ ᠵᠡᠷᠭᠡ ᠢ ᠯᠠᠪᠯᠠᠨ ᠠᠰᠠᠭᠤᠪᠠ᠃ ᠲᠡᠷᠡ ᠂ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠵᠢᠨ ᠦᠢᠯᠡᠳᠦᠯ ᠵᠢᠠᠨ ᠭᠦᠢᠴᠡᠳ ᠪᠠᠳᠠᠷᠠᠭᠤᠯᠵᠤ᠂ ᠠᠮᠤᠷ ᠲᠦᠪᠰᠢᠨ ᠤ ᠲᠣᠭᠤᠷᠢᠨ ᠪᠠᠢᠴᠠᠭᠠᠯᠲᠠ ᠪᠣᠯᠤᠨ ᠭᠡᠮ ᠰᠣᠭᠤᠭ ᠢ ᠵᠢᠭᠰᠠᠭᠠᠨ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠠᠵᠢᠯ ᠢ ᠦᠨᠡᠨ ᠬᠦ ᠴᠢᠩᠭ᠎ᠠ ᠠᠳᠬᠤᠬᠤ ᠬᠡᠷᠡᠭᠲᠡᠢ᠃ ᠵᠠᠬ᠎ᠠ ᠳᠡᠯᠭᠡᠭᠦᠷ ᠤᠨ ᠡᠵᠡᠩᠨᠡᠯᠲᠡ ᠵᠢᠨ ᠡᠮᠬᠢ ᠳᠢᠭᠯᠢᠮ ᠢ ᠴᠢᠩᠭ᠎ᠠ ᠵᠢᠷᠤᠮᠵᠢᠭᠤᠯᠵᠤ᠂ ᠪᠠᠷᠠᠭᠠᠨ ᠤ ᠢᠷᠡᠯᠳᠡ ᠵᠢ ᠪᠠᠶᠠᠯᠢᠭᠵᠢᠭᠤᠯᠵᠤ᠂ ᠦᠨ᠎ᠡ ᠬᠠᠩᠰᠢ ᠵᠢ ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠡᠰᠢᠲᠦ ᠬᠡᠷᠡᠭᠴᠡᠭᠡ ᠵᠢ ᠬᠠᠩᠭᠠᠵᠤ᠂ ᠠᠮᠤᠷ ᠲᠦᠪᠰᠢᠨ ᠡᠮᠬᠢ ᠳᠢᠭᠯᠢᠮ ᠲᠠᠢ ᠪᠠᠶᠠᠷ ᠤᠨ ᠡᠳᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠃
ᠳᠠᠷᠠᠭ᠎ᠠ ᠨᠢ᠂ ᠾᠧ ᠬᠠᠢ ᠳ᠋ᠦᠩ ᠮᠢᠨ ᠰᠢᠨ ᠪᠠᠷᠢᠯᠭ᠎ᠠ ᠵᠢᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠪᠣᠯᠪᠠᠰᠤᠷᠠᠯ ᠤᠨ ᠪᠠᠢᠭᠤᠯᠤᠮᠵᠢ᠂ ᠨᠡᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠵᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠵᠢᠨ ᠬᠤᠷᠢᠶ᠎ᠠ ᠵᠢᠨ ᠥᠪᠥᠷ ᠮᠣᠩᠭᠤᠯ ᠡᠮᠨᠡᠯᠭᠡ ᠵᠢᠨ ᠬᠤᠷᠢᠶ᠎ᠠ ᠵᠢᠨ ᠪᠠᠷᠢᠯᠭ᠎ᠠ ᠵᠢᠨ ᠲᠤᠬᠠᠢ ᠵᠢᠨ ᠲᠠᠯᠠᠪᠠᠢ ᠵᠡᠷᠭᠡ ᠭᠠᠵᠠᠷ ᠲᠤ ᠬᠦᠷᠴᠦ᠂ ᠠᠵᠤ ᠠᠬᠤᠢᠯᠠᠯ ᠤᠨ ᠦᠢᠯᠡᠳᠪᠦᠷᠢᠯᠡᠯ ᠡᠵᠡᠩᠨᠡᠯᠲᠡ᠂ ᠪᠠᠷᠢᠯᠭ᠎ᠠ ᠵᠢᠨ ᠠᠬᠢᠴᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠢ ᠨᠠᠷᠢᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠨᠢᠭᠡ ᠠᠴᠠ ᠨᠦᠬᠦᠭᠡ ᠵᠢ ᠮᠡᠳᠡᠵᠦ᠂ ᠡᠯ᠎ᠡ ᠵᠦᠢᠯ ᠤᠨ ᠠᠶᠤᠯ ᠲᠦᠭᠰᠢᠭᠦᠷᠢ ᠵᠢᠨ ᠭᠡᠮ ᠰᠣᠭᠤᠭ ᠢ ᠲᠦᠢᠯᠪᠤᠷᠢᠲᠠᠢ ᠪᠠᠢᠴᠠᠭᠠᠵᠤ᠂ ᠠᠰᠠᠭᠤᠳᠠᠯ ᠢ ᠰᠶᠢ᠍ᠳᠪᠦᠷᠢᠯᠡᠬᠦ ᠦᠭᠡᠢ ᠪᠣᠯ ᠦᠭᠡᠢ᠂ ᠭᠡᠮ ᠰᠣᠭᠤᠭ ᠢ ᠠᠷᠢᠯᠭᠠᠬᠤ ᠦᠭᠡᠢ ᠪᠣᠯ ᠦᠢᠯᠡᠳᠪᠦᠷᠢᠯᠡᠬᠦ ᠦᠭᠡᠢ ᠪᠠᠢᠬᠤ ᠵᠢ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃ ᠠᠵᠤ ᠠᠬᠤᠢᠯᠠᠯ ᠤᠨ ᠬᠢᠨ ᠭᠤᠣᠯ ᠴᠣᠭᠴᠠ ᠵᠢᠨ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠨᠠᠢᠳᠠᠪᠤᠷᠢᠵᠢᠭᠤᠯᠵᠤ᠂ ᠣᠷᠣᠭᠤᠯᠤᠯᠲᠠ ᠪᠠᠨ ᠨᠡᠮᠡᠭᠳᠡᠭᠦᠯᠬᠦ᠂ ᠵᠢᠷᠤᠮᠵᠢᠯ ᠲᠠᠢ ᠠᠵᠢᠯᠯᠠᠬᠤ᠂ ᠬᠠᠮᠢᠶᠠᠷᠤᠯᠲᠠ ᠪᠠᠨ ᠴᠢᠩᠭᠠᠳᠬᠠᠬᠤ ᠪᠠᠷ ᠳᠠᠮᠵᠢᠭᠤᠯᠵᠤ᠂ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠠᠵᠢᠯᠳᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠵᠢᠠᠨ ᠂ ᠠᠮᠤᠷ ᠲᠦᠪᠰᠢᠨ ᠤ ᠠᠵᠢᠯᠯᠠᠭ᠎ᠠ ᠵᠢ ᠂ ᠠᠮᠤᠷ ᠲᠦᠪᠰᠢᠨ ᠤ ᠲᠦᠷᠢᠮ ᠢ ᠪᠣᠳᠠᠲᠠᠢ ᠳᠤ ᠨᠠᠢᠳᠠᠪᠤᠷᠢᠵᠢᠭᠤᠯᠬᠤ ᠵᠢ ᠪᠠᠲᠤᠯᠠᠵᠤ᠂ ᠦᠢᠯᠡᠳᠪᠦᠷᠢᠯᠡᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠃
ᠬᠥᠬᠡᠬᠤᠲᠠ ᠵᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠵᠢᠨ ᠲᠣᠭᠤᠷᠢᠭ ᠤᠨ ᠬᠠᠮᠢᠶᠠᠷᠤᠯᠲᠠ ᠵᠢᠨ ᠵᠥᠪᠯᠡᠯ ᠤᠨ ᠡᠷᠬᠢᠯᠡᠭᠴᠢ ᠢᠳᠠᠷ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃