ᠵᠤᠬᠢᠶᠠᠭᠴᠢ:
ᠴᠠᠭ:2025-11-21
ᠥᠵᠡᠭᠰᠡᠨ : ℃
ᠢᠷᠡᠯᠲᠡ:
ᠪᠥᠬᠥ ᠬᠣᠲᠠ ᠶᠢᠨ ᠨᠠᠮ ᠵᠠᠰᠠᠭ ᠤᠨ ᠬᠠᠮᠲᠤᠷᠠᠭᠰᠠᠨ ᠬᠤᠷᠠᠯ ᠬᠤᠷᠠᠯᠳᠤᠪᠠ
ᠾᠧ ᠬᠠᠢ ᠳ᠋ᠦᠩ ᠬᠤᠷᠠᠯ ᠢ ᠡᠷᠬᠢᠯᠡᠵᠡᠢ
2025 11 ᠰᠠᠷ᠎ᠠ ᠶᠢᠨ 19 ᠡᠳᠦᠷ᠂ ᠪᠥᠬᠥ ᠬᠣᠲᠠ ᠶᠢᠨ ᠨᠠᠮ ᠵᠠᠰᠠᠭ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠣᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠂ ᠮᠠᠨ ᠤ ᠬᠤᠲᠠ ᠵᠢᠨ 1 ︱ 10 ᠳ᠋ᠤᠭᠠᠷ ᠰᠠᠷ᠎ᠠ ᠵᠢᠨ ᠠᠵᠤ ᠠᠬᠤᠶ ᠵᠢᠨ ᠠᠵᠢᠯᠯᠠᠭᠠᠨ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠂ ᠪᠥᠬᠦ ᠤᠯᠤᠰ ᠤᠨ ᠪᠣᠯᠪᠠᠰᠤᠨ ᠬᠤᠲᠠ ᠵᠢ ᠡᠭᠦᠳᠦᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠤᠨ ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭᠠᠴᠢ ᠵᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠃
ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠪᠡ᠃
ᠬᠤᠷᠠᠯ ᠠᠴᠠ ᠱᠠᠭᠠᠷᠳᠠᠭᠰᠠᠨ ᠨᠢ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠵᠢ ᠴᠢᠩᠭ᠎ᠠ ᠠᠩᠬᠠᠷᠴᠤ᠂ ᠡᠯ᠎ᠡ ᠱᠠᠲᠤᠨ ᠤ ᠬᠠᠷᠢᠭᠤᠴᠠᠯᠭ᠎ᠠ ᠵᠢ ᠂ ᠮᠥᠷᠳᠡᠨ ᠲᠤᠬᠢᠷᠠᠭᠤᠯᠬᠤ ᠪᠠᠨ ᠴᠢᠩᠭᠠᠳᠬᠠᠵᠤ᠂ ᠪᠦᠬᠦ ᠬᠦᠴᠦᠨ ᠵᠢᠠᠷ ᠵᠢᠠᠨ ᠰᠢᠪᠲᠤᠯᠤᠯᠲᠠ ᠬᠢᠵᠦ᠂ ᠵᠣᠷᠢᠭᠲᠠᠢ ᠪᠠᠷ ᠡᠭᠦᠷᠭᠡᠯᠡᠵᠦ᠂ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠪᠣᠯᠤᠨ ᠬᠤᠳᠠ ᠵᠢᠨ ᠨᠠᠮ ᠤᠨ ᠬᠤᠷᠢᠶ᠎ᠠ ᠂ ᠬᠤᠲᠠ ᠢᠢᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠵᠢ ᠪᠦᠬᠦ ᠬᠦᠴᠦᠨ ᠵᠢᠠᠷ ᠵᠢᠠᠨ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠵᠢ ᠠᠳᠬᠤᠵᠤ᠂ ᠴᠢᠬᠤᠯᠠ ᠶᠡᠭᠡ ᠲᠦᠷᠦᠯ ᠵᠦᠢᠯ ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠪᠠ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠬᠤ ᠲᠣᠭᠲᠠᠴᠠ ᠵᠢ ᠬᠡᠷᠡᠭᠯᠡᠵᠦ᠂ ᠬᠤᠳᠠᠯᠳᠤᠭᠠᠴᠢᠨ ᠤᠷᠢᠬᠤ ᠵᠢ ᠶᠡᠬᠡ ᠪᠡᠷ ᠠᠳᠬᠤᠵᠤ᠂ ᠲᠦᠷᠦᠯ ᠵᠦᠢᠯ ᠢ ᠶᠡᠬᠡ ᠪᠡᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠤᠨ ᠴᠢᠨᠠᠷ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠪᠠᠷ ᠴᠢᠷᠮᠠᠢᠢᠬᠤ ᠬᠡᠷᠡᠭᠲᠡᠢ᠃ 《ᠠᠷᠪᠢᠯᠠᠨ ᠭᠠᠮᠨᠠᠬᠤ》ᠱᠠᠭᠠᠷᠳᠠᠯᠭ᠎ᠠ ᠵᠢ ᠦᠷᠭᠦᠯᠵᠢᠯᠡᠨ ᠂ ᠪᠡᠯᠡ ᠮᠥᠩᠭᠦ ᠵᠢᠨ ᠬᠡᠷᠡᠭᠯᠡᠯᠲᠡ ᠵᠢᠨ ᠵᠢᠷᠤᠮᠵᠢᠯ ᠲᠠᠢ᠂ ᠬᠢᠨᠠᠯᠲᠠ ᠬᠠᠮᠢᠶᠠᠷᠤᠯᠲᠠ ᠵᠢᠨ ᠴᠢᠩᠭ᠎ᠠ ᠵᠢ ᠦᠨᠡᠨ ᠬᠦ ᠪᠠᠲᠤᠯᠠᠬᠤ ᠬᠡᠷᠡᠭᠲᠡᠶ᠃ ᠤᠷᠤᠭᠰᠢᠯᠠᠨ ᠳᠠᠪᠰᠢᠬᠤ ᠪᠣᠳᠠᠲᠠᠶ ᠵᠢ ᠡᠷᠬᠢᠮᠯᠡᠬᠦ ᠵᠠᠷᠴᠢᠮ ᠢ ᠪᠠᠷᠢᠮᠲᠠᠯᠠᠵᠤ᠂ ᠣᠳᠣᠬᠠᠨ ᠤ ᠪᠠ ᠠᠯᠤᠰ ᠬᠡᠳᠦ ᠳᠤ ᠰᠠᠭᠤᠷᠢᠯᠠᠨ᠂ ᠢᠷᠡᠬᠦ ᠵᠢᠯ ᠤᠨ ᠠᠵᠢᠯ ᠤᠨ ᠬᠠᠷᠠᠯᠲᠠ ᠪᠠ《ᠠᠷᠪᠠᠨ ᠲᠠᠪᠤᠳᠤᠭᠠᠷ ᠲᠠᠪᠤᠨ ᠵᠢᠯ》 ᠤᠨ ᠲᠦᠯᠦᠪᠵᠢᠭᠦᠯᠭᠡ ᠢᠢᠨ ᠬᠤᠭᠤᠴᠠᠭᠠᠨ ᠤ ᠠᠵᠤ ᠠᠬᠤᠶ ᠤᠨ ᠬᠥᠭᠵᠢᠯᠲᠡ ᠵᠢᠨ ᠡᠭᠦᠷᠭᠡ ᠵᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠵᠢ ᠪᠦᠬᠦ ᠲᠠᠯ᠎ᠠ ᠪᠠᠷ ᠵᠢ ᠠᠬᠢᠭᠤᠯᠵᠤ᠂ ᠡᠨᠡ ᠵᠢᠯ ᠤᠨ ᠥᠭᠡᠷᠡᠴᠢᠯᠡᠯᠲᠡ ᠵᠢᠨ ᠳᠤᠮᠳᠠᠬᠢ ᠲᠤᠷᠰᠢᠯᠭ᠎ᠠ᠂ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠨ ᠪᠣᠯᠪᠠᠰᠤᠷᠠᠭᠤᠯᠵᠤ᠂ ᠣᠷᠣᠨ ᠤ ᠲᠥᠪ ᠬᠤᠲᠠ ᠵᠢᠨ ᠠᠵᠤ ᠠᠬᠤᠢ ᠤᠨ ᠬᠥᠭᠵᠢᠯᠲᠡ ᠵᠢ ᠬᠢᠵᠠᠭᠠᠷᠯᠠᠵᠤ ᠬᠦᠴᠢᠷ ᠠᠰᠠᠭᠤᠳᠠᠯ ᠳᠤ ᠴᠢᠭᠯᠡᠭᠦᠯᠦᠨ ᠵᠣᠷᠢᠭᠲᠠᠢ ᠪᠠᠷ ᠥᠭᠡᠷᠡᠴᠢᠯᠡᠨ ᠂ ᠵᠣᠷᠢᠭᠲᠠᠢ ᠪᠠᠷ ᠲᠤᠷᠰᠢᠵᠤ᠂ ᠢᠷᠡᠬᠦ ᠵᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠵᠢᠨ ᠡᠭᠦᠷᠭᠡ ᠵᠢ ᠲᠦᠷᠭᠡᠬᠡᠨ ᠡᠮᠬᠢᠯᠡᠨ ᠪᠦᠷᠢᠯᠳᠦᠭᠦᠯᠵᠦ᠂ ᠮᠠᠨ ᠤ ᠬᠤᠲᠠ ᠵᠢᠨ ᠬᠤᠢᠰᠢᠳᠠ ᠵᠢᠨ ᠨᠢᠭᠡ ᠬᠤᠭᠤᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠢ ᠭᠡᠪᠡ᠃
ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠳᠠ ᠵᠢᠨ ᠪᠦᠬᠦ ᠤᠯᠤᠰ ᠤᠨ ᠪᠣᠯᠪᠠᠰᠤᠨ ᠬᠤᠳᠠ ᠵᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠤᠨ ᠲᠣᠭᠲᠠᠴᠠ ᠪᠠᠨ ᠰᠢᠨᠡᠴᠢᠯᠡᠨ ᠂ ᠪᠠᠢᠩᠭᠤ ᠵᠢᠨ ᠤᠷᠳᠤ ᠬᠤᠭᠤᠴᠠᠭᠠᠨ ᠤ ᠪᠦᠲᠦᠮᠵᠢᠲᠡᠢ ᠵᠢ ᠴᠢᠬᠤᠯᠠᠴᠢᠯᠠᠵᠤ᠂ ᠠᠷᠠᠳ ᠤᠯᠠᠨ ᠤ ᠂ ᠵᠢᠷᠭᠠᠯᠲᠤ ᠂ ᠠᠮᠤᠷ ᠲᠦᠪᠰᠢᠨ ᠤ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠲᠣᠭᠲᠠᠭᠤᠨ ᠬᠠᠩᠭᠠᠯᠭ᠎ᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠢᠢᠨ ᠪᠠᠲᠤᠯᠠᠭ᠎ᠠ᠂ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠬᠢᠵᠦ᠂ ᠣᠷᠣᠨ ᠤ ᠲᠥᠪ ᠬᠤᠲᠠ ᠵᠢᠨ ᠠᠵᠤ ᠠᠬᠤᠢ ᠤᠨ ᠶᠡᠭᠡ ᠲᠠᠯ᠎ᠠ ᠵᠢᠨ ᠡᠶ᠎ᠡ ᠵᠣᠬᠢᠴᠠᠩᠭᠤᠢ ᠲᠣᠭᠲᠠᠭᠤᠨ ᠵᠢ ᠪᠠᠲᠤᠯᠠᠬᠤ ᠬᠡᠷᠡᠭᠲᠡᠢ ᠭᠡᠵᠡᠢ᠃