ᠵᠤᠬᠢᠶᠠᠭᠴᠢ:
ᠴᠠᠭ:2025-12-08
ᠥᠵᠡᠭᠰᠡᠨ : ℃
ᠢᠷᠡᠯᠲᠡ:
ᠸᠠᠩ ᠸᠧᠢ ᠵᠦᠩ ᠬᠥᠬᠡᠬᠣᠲᠠ ᠪᠤᠭᠤᠲᠤ ᠬᠤᠳᠠ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠪᠠ ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠪᠠᠲᠤᠯᠠᠭ᠎ᠠ ᠢᠢᠨ ᠠᠵᠢᠯ ᠢ ᠪᠠᠶᠢᠴᠠᠭᠠᠨ ᠰᠤᠳᠤᠯᠵᠤ ᠵᠢᠯᠣᠭᠣᠳᠪᠠ
2025 11 ᠳ᠋ᠤᠭᠡᠷ ᠰᠠᠷ᠎ᠠ ᠢᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠢᠢᠨ ᠱᠦᠵᠢ ᠸᠠᠩ ᠸᠧᠶ ᠵᠥᠩ ᠬᠥᠬᠡᠬᠣᠲᠠ᠂ ᠪᠤᠭᠤᠲᠤ ᠬᠣᠲᠠ ᠳᠤ ᠰᠢᠷᠦᠭᠦᠨ ᠪᠣᠷᠣᠭᠠᠨ ᠤ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ ᠪᠠᠶᠢᠭᠤᠯᠬᠤ ᠪᠠ ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠪᠠᠲᠤᠯᠠᠭ᠎ᠠ ᠢᠢᠨ ᠠᠵᠢᠯ ᠢ ᠪᠠᠶᠢᠴᠠᠭᠠᠨ ᠰᠤᠳᠤᠯᠵᠤ ᠵᠢᠯᠣᠭᠣᠳᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ ᠦᠨ ᠦᠶᠡᠷ ᠢ ᠰᠡᠷᠭᠡᠶᠢᠯᠡᠵᠦ ᠭᠠᠮᠰᠢᠭ ᠡᠴᠡ ᠠᠪᠤᠷᠬᠠᠸ ᠠᠵᠢᠯ ᠤᠨ ᠲᠤᠬᠠᠶ ᠴᠢᠬᠤᠯᠠ ᠵᠢᠭᠠᠪᠤᠷᠢ ᠢᠢᠨ ᠵᠣᠷᠢᠭ ᠰᠠᠨᠠᠭ᠎ᠠ ᠢᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠡᠷ ᠭᠤᠤᠯ ᠪᠣᠯᠭᠠᠬᠤ ᠬᠥᠭ᠍ᠵᠢᠯᠲᠡ ᠢᠢᠨ ᠦᠵᠡᠯ ᠰᠠᠨᠠᠭ᠎ᠠ ᠢᠢ ᠭᠦᠨᠵᠡᠭᠡᠶ ᠦᠢᠯᠡᠳᠦᠯᠭᠡᠵᠢᠭᠦᠯᠵᠦ᠂ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠢᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠦ ᠳᠤᠯᠠᠭᠠᠨ ᠪᠦᠯᠢᠶᠡᠨ ᠡᠪᠦᠯᠵᠢᠬᠦ᠂ ᠠᠮᠤᠷ ᠲᠠᠶᠢᠪᠤᠩ ᠠᠵᠤ ᠲᠦᠷᠦᠭᠦ ᠢᠢ ᠪᠠᠲᠤᠯᠠᠬᠤ ᠬᠡᠷᠡᠭ᠍ᠲᠡᠶ ᠭᠡᠵᠦ ᠴᠢᠬᠤᠯᠠᠴᠢᠯᠠᠪᠠ᠃
ᠬᠥᠬᠡᠬᠣᠲᠠ ᠢᠢᠨ ᠲᠦᠮᠡᠳ ᠵᠡᠭᠦᠨ ᠬᠣᠰᠢᠭᠤᠨ ᠤ ᠱᠠᠩᠳᠠ ᠪᠠᠯᠭᠠᠰᠤᠨ ᠳᠤ᠂ ᠸᠠᠩ ᠸᠧᠶ ᠵᠥᠩ ᠭᠠᠮᠰᠢᠭᠳᠠᠭᠰᠠᠨ ᠪᠠᠶᠢᠳᠠᠯ᠂ ᠰᠡᠷᠭᠦᠭᠡᠵᠦ ᠳᠠᠬᠢᠨ ᠪᠥᠲᠥᠭᠡᠨ ᠪᠠᠶᠢᠭᠤᠯᠵᠦ ᠪᠠᠶᠢᠭ᠎ᠠ ᠠᠬᠢᠴᠠ ᠪᠠ ᠲᠠᠷᠠᠭᠠᠴᠢ ᠢᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠢᠢ ᠨᠠᠷᠢᠯᠢᠭ ᠣᠶᠢᠯᠠᠭᠠᠪᠠ᠃ ᠲᠡᠷᠡ ᠭᠠᠮᠰᠢᠭᠳᠠᠭᠰᠠᠨ ᠤᠯᠠᠨ ᠲᠦᠮᠡᠨ ᠢ ᠲᠥᠪᠯᠡᠷᠡᠭᠦᠯᠦᠨ ᠲᠥᠪᠬᠢᠨᠡᠭᠦᠯᠬᠦ ᠴᠡᠭ ᠪᠤᠯᠬᠤ ᠳᠠᠯᠠᠢ ᠲᠣᠰᠬᠣᠨ ᠤ ᠰᠢᠩ ᠹᠦ᠋ ᠶᠤᠸᠠᠨ ᠳᠤ ᠬᠦᠷᠴᠦ ᠪᠠᠶᠢᠷᠢ᠂ ᠬᠣᠭᠣᠯᠠᠨ ᠭᠡᠷ᠂ ᠲᠣᠭᠣᠭᠠᠨ ᠭᠡᠷ᠂ ᠬᠠᠳᠠᠭᠠᠯᠠᠬᠤ ᠲᠠᠰᠤᠭ ᠢ ᠪᠠᠶᠢᠴᠠᠭᠠᠨ ᠦᠵᠡᠭ᠍ᠰᠡᠨ ᠪᠥᠭᠡᠳ ᠤᠯᠠᠨ ᠲᠦᠮᠡᠨ ᠲᠡᠶ ᠳᠣᠲᠣᠨᠣ ᠪᠠᠷ ᠶᠠᠷᠢᠯᠴᠠᠵᠤ᠂ ᠲᠠᠷᠠᠭ᠎ᠠ ᠨᠢ ᠪᠠᠭ᠎ᠠ ᠲᠠᠯᠢᠪᠠᠷ ᠲᠣᠰᠬᠣᠨ ᠤ ᠭᠠᠮᠰᠢᠭᠳᠠᠭᠰᠠᠨ ᠤᠯᠠᠨ ᠲᠦᠮᠡᠨ ᠦ ᠭᠡᠷ ᠲᠦ ᠬᠦᠷᠴᠦ ᠪᠠᠶᠢᠳᠠᠯ ᠢ ᠣᠶᠢᠯᠠᠭᠠᠪᠠ᠃ ᠭᠡᠷ ᠲᠡᠭᠡᠨ ᠬᠡᠳᠦᠨ ᠠᠮᠠ ᠬᠥᠮᠦᠨ ᠲᠡᠶ᠂ ᠠᠮᠢᠳᠤᠷᠠᠯ ᠶᠠᠮᠠᠷ ᠵᠡᠷᠭᠡ᠂ ᠠᠮᠢᠳᠦᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠤᠷᠤᠰᠢᠵᠤ ᠪᠠᠶᠢᠬᠤ ᠵᠡᠷᠬᠡ ᠶ᠋ᠢ ᠸᠠᠩ ᠸᠧᠶ ᠵᠦᠩ ᠮᠠᠰᠢ ᠨᠠᠷᠢᠯᠢᠭ ᠠᠰᠠᠭᠤᠪᠠ᠃ ᠭᠠᠮᠰᠢᠭᠳᠠᠭᠰᠠᠨ ᠤᠯᠠᠨ ᠲᠦᠮᠡᠨ ᠦ ᠢᠳᠡᠵᠦ ᠤᠤᠭᠤᠬᠤ ᠨᠢ ᠰᠠᠶᠢᠨ᠂ ᠬᠣᠨᠣᠵᠤ ᠬᠡᠪᠲᠡᠬᠦ ᠨᠢ ᠳᠤᠯᠠᠭᠠᠨ᠂ ᠰᠠᠳᠬᠢᠯ ᠰᠠᠨᠠᠭ᠎ᠠ ᠪᠠᠶᠠᠰᠤᠩᠭᠤᠢ ᠪᠠᠶᠢᠬᠤ ᠢᠢ ᠦᠵᠡᠭᠡᠳ ᠸᠠᠩ ᠸᠧᠢ ᠵᠦᠩ ᠮᠠᠰᠢ ᠪᠠᠶᠠᠷᠯᠠᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤᠨ ᠲᠥᠪ ᠬᠣᠷᠢᠶ᠎ᠠ ᠭᠠᠮᠰᠢᠭᠳᠠᠭᠰᠠᠨ ᠤᠯᠠᠨ ᠲᠦᠮᠡᠨ ᠢ ᠲᠤᠶᠢᠯ ᠢᠶᠠᠷ ᠬᠠᠯᠠᠮᠵᠢᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠡᠴᠡ ᠠᠪᠤᠷᠠᠬᠤ ᠲᠤᠬᠠᠢ ᠠᠯᠢ ᠤᠯᠠᠨ ᠴᠢᠬᠤᠯᠠ ᠪᠠᠶᠢᠷᠢᠯᠠᠭᠤᠯᠤᠯᠲᠠ ᠬᠢᠵᠡᠢ᠂ ᠡᠯ᠎ᠡ ᠱᠠᠲᠤᠨ ᠤ ᠨᠠᠮ ᠤᠨ ᠬᠣᠷᠢᠶ᠎ᠠ ᠪᠣᠯᠤᠨ ᠵᠠᠰᠠᠭ ᠤᠨ ᠣᠷᠳᠣᠨ ᠲᠤᠤᠱᠯᠠᠭᠤᠯᠤᠨ ᠨᠠᠶᠢᠳᠠᠪᠤᠷᠢᠵᠢᠭᠤᠯᠬᠤ ᠢᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠭᠠᠮᠰᠢᠭᠳᠠᠭᠰᠠᠨ ᠤᠯᠠᠨ ᠲᠦᠮᠡᠨ ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠦᠨᠡᠨ ᠰᠡᠳᠭᠢᠯ ᠡᠴᠡ ᠪᠠᠨ ᠬᠦᠴᠦ ᠤᠷᠤᠭᠤᠯᠤᠨ ᠰᠢᠢᠳᠪᠦᠷᠢᠯᠡᠬᠦ ᠬᠡᠷᠡᠭ᠍ᠲᠡᠢ ᠬᠡᠪᠡ᠃ ᠲᠣᠭᠲᠠᠬᠤ ᠰᠢᠶᠠᠨ ᠤ ᠱᠤᠸᠠᠩ ᠢ ᠭᠤᠳᠤᠮᠵᠢ ᠢᠢᠨ ᠪᠠᠶᠢᠰᠢᠩ ᠬᠡᠷ ᠤᠨ ᠲᠣᠭᠣᠷᠢᠭ ᠪᠣᠯᠤᠨ ᠵᠢᠨ ᠰᠢᠤ ᠬᠤᠸᠠ ᠶᠤᠸᠠᠨ ᠰᠠᠭᠤᠭᠠᠯᠢ ᠠᠷᠠᠳ ᠤᠨ ᠲᠣᠭᠣᠷᠢᠭ ᠲᠤ᠂ ᠸᠠᠩ ᠸᠧᠢ ᠵᠦᠩ ᠬᠤᠶᠠᠷ ᠭᠠᠮᠰᠢᠭᠳᠠᠭᠰᠠᠨ ᠡᠷᠤᠬᠡ ᠳᠤ ᠣᠷᠣᠵᠤ᠂ ᠵᠠᠰᠠᠭ ᠤᠨ ᠣᠷᠳᠣᠨ ᠤ ᠲᠤᠰᠠᠯᠠᠮᠵᠢ ᠪᠠᠷ ᠤᠯᠠᠨ ᠲᠦᠮᠡᠨ ᠰᠢᠨ᠎ᠡ ᠬᠡᠷ ᠬᠤᠳᠠᠯᠳᠤᠨ ᠠᠪᠤᠭᠰᠠᠨ ᠢ ᠣᠶᠢᠯᠠᠭᠠᠵᠤ᠂ ᠬᠣᠯᠪᠣᠭᠳᠠᠯ ᠪᠦᠬᠦᠢ ᠠᠵᠢᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠲᠡᠷᠡ ᠲᠤᠬᠠᠶ ᠢᠢᠨ ᠭᠠᠵᠠᠷ ᠤᠨ ᠬᠢᠨ ᠢ ᠬᠣᠶᠢᠰᠢᠳᠠ ᠢᠢᠨ ᠪᠠᠲᠤᠯᠠᠭ᠎ᠠ ᠶ᠋ᠢᠨ ᠠᠵᠢᠯ ᠢ ᠴᠢᠩᠭᠠᠳᠬᠠᠬᠤ ᠢᠢᠨ ᠬᠠᠮᠲᠤ ᠭᠠᠮᠰᠢᠭᠳᠠᠭᠰᠠᠨ ᠣᠯᠠᠨ ᠲᠦᠮᠡᠨ ᠢ ᠨᠠᠮ ᠪᠣᠯᠤᠨ ᠤᠯᠤᠰ ᠤᠨ ᠰᠠᠶᠢᠨ ᠲᠥᠷᠥ ᠢᠢᠨ ᠪᠣᠳᠣᠯᠭ᠎ᠠ ᠢᠢᠨ ᠳᠡᠮᠵᠢᠯᠭᠡ ᠳᠤᠤᠷ᠎ᠠ ᠦᠢᠯᠡᠳᠪᠦᠷᠢᠯᠡᠯ ᠢᠶᠡᠨ ᠢᠳᠡᠪᠬᠢᠲᠡᠶ ᠬᠥᠭ᠍ᠵᠢᠭᠦᠯᠵᠦ᠂ ᠠᠮᠢᠳᠤᠷᠠᠯ ᠢᠶᠠᠨ ᠡᠳᠦᠷ ᠡᠴᠡ ᠡᠳᠦᠷ ᠦᠬᠡᠳᠡᠯᠡᠬᠦᠯᠦᠨ ᠰᠠᠶᠢᠵᠢᠷᠠᠭᠤᠯᠬᠤ ᠶ᠋ᠢ ᠵᠣᠷᠢᠭᠵᠢᠭᠤᠯᠪᠠ᠃
ᠪᠤᠭᠤᠲᠤ ᠬᠣᠲᠠ ᠳᠤ᠂ ᠸᠠᠩ ᠸᠧᠶ ᠵᠥᠩ ᠲᠦᠮᠡᠳ ᠪᠠᠷᠠᠭᠤᠨ ᠬᠣᠰᠢᠭᠤᠨ ᠤ ᠱᠤᠸᠠᠩ ᠯᠦᠩ ᠪᠠᠯᠭᠠᠰᠤᠨ ᠤ ᠯᠦ ᠰᠠᠨ ᠭᠸ ᠳ᠋ᠦᠶ ᠲᠣᠰᠬᠣᠨ ᠳᠤ ᠬᠦᠷᠴᠦ᠂ ᠲᠣᠰ ᠲᠣᠰ ᠤᠤᠯ ᠭᠠᠵᠠᠷ ᠲᠤᠨᠢ ᠳᠠᠬᠢᠨ ᠪᠦᠲᠦᠭᠡᠨ ᠪᠠᠶᠢᠭᠤᠯᠵᠤ ᠪᠠᠶᠢᠭ᠎ᠠ ᠪᠠ ᠰᠡᠯᠪᠢᠨ ᠵᠠᠰᠠᠵᠤ ᠪᠡᠬᠢᠯᠡᠵᠦ ᠪᠠᠶᠢᠭ᠎ᠠ ᠬᠡᠷ ᠪᠠᠶᠢᠰᠢᠩ ᠢ ᠲᠤᠬᠠᠶ ᠢᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠮᠰᠢᠭᠳᠠᠭᠰᠠᠨ ᠣᠯᠠᠨ ᠲᠦᠮᠡᠨ ᠲᠡᠶ ᠬᠠᠮᠳᠤ ᠰᠠᠭᠤᠯᠴᠠᠵᠤ ᠶᠠᠷᠢᠯᠴᠠᠨ᠂ ᠬᠡᠷ ᠪᠠᠶᠢᠰᠢᠩ ᠤᠨ ᠡᠪᠳᠡᠭ᠍ᠳᠡᠭ᠍ᠰᠡᠨ ᠬᠡᠮᠵᠢᠶ᠎ᠡ᠂ ᠵᠠᠰᠠᠵᠤ ᠳᠠᠬᠢᠨ ᠪᠠᠶᠢᠭᠤᠯᠤᠭᠰᠠᠨ ᠶᠠᠪᠤᠴᠠ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠯᠢᠬ ᠣᠶᠢᠯᠠᠭᠠᠪᠠ᠃ ᠬᠡᠷᠡᠮ ᠳᠡᠭᠡᠷ᠎ᠡ ᠨᠠᠭᠠᠵᠤ ᠪᠠᠶᠢᠭ᠎ᠠ《ᠰᠢᠨ᠎ᠡ ᠬᠥᠳᠡᠭᠡ ᠲᠣᠰᠬᠣᠨ ᠢ ᠪᠦᠳᠦᠬᠡᠨ ᠪᠠᠶᠢᠭᠤᠯᠵᠤ᠂ ᠬᠥᠳᠡᠭᠡ ᠲᠣᠰᠬᠣᠨ ᠤ ᠦᠵᠡᠰᠭᠦᠯᠡᠩᠲᠦ ᠰᠠᠶᠢᠬᠠᠨ ᠦᠵᠡᠮᠵᠢ》ᠭᠡᠬᠦ ᠴᠠᠭᠠᠰᠤᠨ ᠬᠠᠶᠢᠴᠢᠯᠠᠮᠠᠯ ᠢ ᠦᠵᠡᠵᠤ᠂ ᠤᠯᠠᠨ ᠲᠦᠮᠡᠨ ᠦ ᠤᠳᠤ ᠢᠢᠨ ᠠᠮᠢᠳᠤᠷᠠᠯ ᠳ᠋ᠠᠭᠠᠨ ᠬᠠᠨᠤᠮᠵᠢᠲᠠᠢ ᠪᠠᠶᠢᠨ᠎ᠠ ᠭᠡᠵᠦ ᠬᠡᠯᠡᠬᠦ ᠢᠢ ᠰᠣᠨᠣᠰᠤᠭᠠᠳ ᠸᠠᠩ ᠸᠧᠢ ᠵᠦᠩ ᠮᠠᠰᠢ ᠪᠠᠶᠠᠷᠯᠠᠪᠠ᠃ ᠲᠡᠷᠡ᠂ ᠨᠠᠮ ᠤᠨ ᠲᠥᠪ ᠬᠣᠷᠢᠶ᠎ᠠ ᠶ᠋ᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠡᠯ᠎ᠡ ᠲᠠᠯ᠎ᠠ ᠢᠢᠨ ᠬᠠᠮᠲᠤ ᠢᠢᠨ ᠴᠢᠷᠮᠠᠶᠢᠯᠭ᠎ᠠ ᠪᠠᠷ᠂ ᠪᠢᠳᠡ ᠰᠡᠳᠭᠢᠯ ᠨᠢᠭᠡᠳᠦᠨ ᠬᠦᠴᠦ ᠪᠡᠨ ᠬᠠᠮᠲᠤᠳᠬᠠᠵᠤ ᠦᠶᠡᠷ ᠢ ᠰᠡᠷᠭᠡᠶᠢᠯᠡᠵᠦ ᠭᠠᠮᠰᠢᠭ ᠡᠴᠡ ᠠᠪᠤᠷᠠᠬᠤ ᠬᠠᠲᠠᠭᠤ ᠳᠠᠶᠢᠯᠠᠯᠳᠤᠭᠠᠨ ᠤ ᠢᠯᠠᠯᠲᠠ ᠢᠢ ᠲᠡᠮᠡᠴᠡᠨ ᠣᠯᠵᠤ᠂ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠪᠡ᠂ ᠲᠥᠪᠬᠢᠨᠡᠭᠦᠯᠬᠦ ᠠᠵᠢᠯ ᠢ ᠠᠯᠢ ᠲᠦᠷᠭᠡᠨ ᠢᠶᠡᠷ ᠱᠠᠯᠠᠪᠳᠠᠨ ᠬᠢᠵᠤ ᠦᠷ᠎ᠠ ᠪᠦᠲᠦᠮᠵᠢ ᠳᠠᠢ ᠪᠡᠶᠡᠯᠡᠭᠦᠯᠬᠦ ᠬᠡᠷᠡᠭ᠍ᠲᠡᠢ ᠭᠡᠪᠡ᠃
ᠸᠠᠩ ᠸᠧᠶ ᠵᠥᠩ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ ᠪᠠᠶᠢᠭᠤᠯᠬᠤ ᠠᠵᠢᠯ ᠶᠠᠭ ᠡᠮᠬᠢ ᠵᠢᠷᠤᠮ ᠲᠠᠶ ᠶᠠᠪᠤᠭᠳᠠᠵᠤ ᠪᠠᠶᠢᠨ᠎ᠠ᠂ ᠬᠣᠲᠠ ᠰᠢᠶᠠᠨ ᠬᠣᠶᠠᠷ ᠱᠠᠲᠤᠨ ᠤ ᠬᠢᠨ ᠨᠢᠭᠡᠳᠦᠯᠲᠡᠶ ᠲᠥᠯᠥᠪᠵᠢᠭᠦᠯᠬᠦ ᠪᠡᠨ ᠴᠢᠩᠭᠠᠳᠬᠠᠵᠤ᠂ ᠭᠠᠵᠠᠷ ᠤᠨ ᠪᠠᠶᠢᠴᠠ ᠨᠢ ᠨᠡᠯᠢᠶᠡᠳ ᠳᠤᠤᠷ᠎ᠠ᠂ ᠦᠶᠡᠷ ᠤᠰᠤᠲᠤᠯ ᠤᠨ ᠭᠠᠮᠰᠢᠭ ᠤᠨ ᠠᠶᠤᠯ ᠲᠦᠭ᠍ᠰᠢᠭᠦᠷᠢ ᠣᠷᠣᠰᠢᠵᠤ ᠪᠠᠶᠢᠭ᠎ᠠ ᠳᠠᠬᠢᠨ ᠪᠥᠲᠥᠭᠡᠨ ᠪᠠᠶᠢᠭᠤᠯᠬᠤ ᠴᠢᠬᠤᠯᠠᠲᠠᠶ ᠠᠶᠢᠯ ᠲᠣᠰᠬᠣᠨ ᠤ ᠭᠠᠵᠠᠷ ᠰᠣᠩᠭᠣᠬᠤ ᠶ᠋ᠢ ᠵᠦᠶ ᠵᠣᠬᠢᠰᠲᠠᠶ ᠰᠤᠳᠤᠯᠤᠨ᠂ ᠪᠦᠬᠦᠯᠢ ᠴᠣᠭᠴᠠ ᠪᠠᠷ ᠨᠢ ᠨᠡᠭᠦᠯᠭᠡᠬᠦ ᠢᠢ ᠰᠦᠪᠡᠭ᠍ᠴᠢᠯᠡᠵᠦ᠂ ᠠᠰᠠᠭᠤᠳᠠᠯ ᠢ ᠦᠨᠳᠦᠰᠦᠨ ᠡᠴᠡ ᠨᠢ ᠰᠢᠢᠳᠪᠦᠷᠢᠯᠡᠬᠦ ᠬᠡᠷᠡᠭ᠍ᠲᠡᠶ᠃ ᠡᠭᠦᠨ ᠦ ᠬᠠᠮᠲᠤ ᠪᠠᠷᠢᠯᠭ᠎ᠠ ᠢᠢᠨ ᠠᠵᠢᠯ ᠤᠨ ᠬᠢᠨᠠᠯᠲᠠ ᠬᠠᠮᠢᠶᠠᠷᠤᠯᠲᠠ ᠢᠢ ᠴᠢᠩᠭᠠᠳᠬᠠᠵᠤ᠂ ᠲᠠᠬᠢᠨ ᠪᠦᠳᠦᠬᠡᠨ ᠪᠠᠶᠢᠭᠤᠯᠬᠤ ᠶᠠᠰᠤ ᠴᠢᠨᠠᠷ ᠤᠨ ᠪᠣᠭᠣᠮᠲᠠ ᠢᠢ ᠴᠢᠩᠭ᠎ᠠ ᠰᠠᠬᠢᠬᠤ ᠬᠡᠷᠡᠭ᠍ᠲᠡᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠢᠢᠨ ᠪᠦᠲᠦᠭᠡᠨ ᠪᠠᠶᠢᠭᠤᠯᠤᠯᠲᠠ ᠢᠢᠨ ᠰᠠᠯᠠᠭ᠎ᠠ ᠮᠥᠴᠢᠷ ᠤᠨ ᠬᠢᠨ ᠡᠯ᠎ᠡ ᠭᠠᠵᠠᠷ ᠢ ᠵᠢᠯᠣᠭᠣᠳᠤᠨ ᠲᠤᠬᠠᠶ ᠢᠢᠨ ᠭᠠᠵᠠᠷ ᠣᠷᠣᠨ ᠤ ᠪᠠᠶᠢᠳᠠᠯ ᠳ᠋ᠤᠨᠢ ᠲᠣᠬᠢᠷᠠᠭᠤᠯᠤᠨ ᠳᠠᠬᠢᠨ ᠪᠦᠲᠦᠭᠡᠨ ᠪᠠᠶᠢᠭᠤᠯᠬᠤ ᠭᠡᠷ ᠪᠠᠶᠢᠰᠢᠩ ᠤᠨ ᠲᠠᠯᠠᠪᠠᠶ᠂ ᠭᠡᠷ ᠦᠨ ᠬᠡᠯᠪᠡᠷᠢ ᠪᠣᠯᠤᠨ ᠢᠵᠢ ᠪᠦᠷᠢᠳᠦᠭᠦᠯᠬᠦ ᠴᠢᠳᠠᠮᠵᠢ ᠢᠢᠨ ᠵᠢᠷᠤᠭ ᠲᠥᠯᠥᠪᠯᠡᠭᠡ ᠢᠢ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠰᠢᠨ᠎ᠡ ᠭᠡᠷ ᠣᠷᠣᠨ ᠢ ᠨᠢ ᠰᠠᠶᠢᠲᠤᠷ ᠪᠦᠲᠦᠭᠡᠨ ᠪᠠᠶᠢᠭᠤᠯᠬᠤ ᠬᠡᠷᠡᠭ᠍ᠲᠡᠶ ᠭᠡᠵᠤ ᠵᠢᠭᠠᠵᠤ ᠭᠠᠷᠭᠠᠵᠠᠢ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠴᠧᠨ ᡁᠢ ᠴᠠᠩ ᠣᠷᠣᠯᠴᠠᠵᠠᠢ᠃