ᠵᠤᠬᠢᠶᠠᠭᠴᠢ:
ᠴᠠᠭ:2026-01-06
ᠥᠵᠡᠭᠰᠡᠨ : ℃
ᠢᠷᠡᠯᠲᠡ:
S43 ᠬᠥᠬᠡᠬᠤᠲᠠ ᠵᠢᠨ ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ ᠤᠨ ᠲᠡᠷᠭᠡ ᠨᠡᠪᠲᠡᠷᠡᠬᠦ ᠶᠣᠰᠣᠯᠠᠯ ᠶᠠᠪᠤᠭᠳᠠᠪᠠ
ᠾᠧ ᠬᠠᠢ ᠳ᠋ᠦᠩ ᠣᠷᠣᠯᠴᠠᠵᠤ ᠲᠡᠷᠭᠡ ᠨᠡᠪᠲᠡᠷᠡᠬᠦ ᠢᠢ ᠵᠠᠷᠯᠠᠪᠠ
2025 12 ᠳ᠋ᠤᠭᠠᠷ ᠰᠠᠷ᠎ᠠ ᠵᠢᠨ 30 ᠤ ᠡᠳᠦᠷ᠂ S43 ᠬᠥᠬᠡᠬᠤᠲᠠ ᠵᠢᠨ ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ ᠤᠨ ᠲᠡᠷᠭᠡ ᠨᠡᠪᠲᠡᠷᠡᠬᠦ ᠶᠣᠰᠣᠯᠠᠯ ᠶᠠᠪᠤᠭᠳᠠᠪᠠ᠃
ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠾᠧ ᠬᠠᠢ ᠳ᠋ᠦᠩ ᠶᠣᠰᠣᠯᠠᠯ ᠳᠤ ᠣᠷᠣᠯᠴᠠᠵᠤ ᠲᠡᠷᠭᠡ ᠨᠡᠪᠲᠡᠷᠡᠬᠦ ᠢᠢ ᠵᠠᠷᠯᠠᠪᠠ᠃ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠹᠠᠩ ᠢᠦᠶ ᠳ᠋ᠦᠩ᠂ ᠬᠤᠲᠠ ᠵᠢᠨ ᠳᠡᠳ᠋ ᠳᠠᠷᠤᠭ᠎ᠠ ᠲᠠᠯ᠎ᠠ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠡᠷᠭᠡ ᠨᠡᠪᠲᠡᠷᠡᠬᠦ ᠶᠣᠰᠣᠯᠠᠯ ᠳᠤ ᠣᠷᠣᠯᠴᠠᠪᠠ᠃
S43 ᠬᠥᠬᠡᠬᠤᠲᠠ ᠵᠢᠨ ᠨᠢᠰᠬᠡᠯ ᠤᠨ ᠪᠠᠭᠤᠳᠠᠯ ᠤᠨ ᠳᠦᠷᠭᠡᠨ ᠦ ᠵᠠᠰᠠᠮᠠᠯ ᠵᠠᠮ ᠤᠨ ᠲᠥᠷᠥᠯ ᠵᠦᠢᠯ ᠤᠨ ᠪᠥᠬᠦ ᠣᠷᠳᠣ ᠨᠢ 29.435 ᠺᠢᠯᠣᠮᠧᠲᠷ ᠂ ᠡᠬᠢᠯᠡᠯᠲᠡ ᠵᠢᠨ ᠴᠡᠭ ᠨᠢ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠪᠠᠷᠠᠭᠤᠨ ᠵᠠᠮ ᠬᠢᠭᠡᠳ ᠦᠬᠠᠶ ᠶᠡᠭᠡ ᠵᠡᠭᠡᠯᠢ ᠵᠢᠨ ᠠᠭᠤᠯᠵᠠᠷ ᠲᠤ ᠂ ᠲᠡᠭᠦᠰᠬᠡᠯ ᠤᠨ ᠴᠡᠭ ᠨᠢ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠠᠷᠢᠯᠴᠠᠨ ᠨᠡᠪᠲᠡᠷᠡᠯᠴᠡᠬᠦ ᠪᠤᠰᠤᠭ᠎ᠠ ᠵᠦᠷᠢᠯᠢᠭ ᠤᠨ ᠡᠮᠦᠨ᠎ᠡ ᠲᠠᠯ᠎ᠠ ᠳᠤ ᠬᠦᠷᠳᠡᠭ᠃ ᠬᠤᠣᠰ ᠴᠢᠭᠯᠡᠯᠲᠦ ᠲᠡᠷᠭᠡᠨ ᠵᠠᠮ ᠲᠠᠢ ᠲᠦᠷᠭᠡᠨ ᠦ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 120 ᠺᠢᠯᠣᠮᠧᠲᠷ ᠂ ᠪᠦᠬᠦ ᠱᠤᠭᠤᠮ ᠳᠤ ᠭᠤᠷᠪᠠᠳᠤᠭᠠᠷ ᠲᠣᠭᠤᠷᠢᠯ ᠵᠠᠮ᠂ ᠰᠢᠪᠦᠭᠡ᠂ ᠰᠠᠭᠠᠯᠢᠴᠢᠨ᠂ ᠨᠢᠰᠭᠡᠯ ᠦᠨ ᠪᠠᠭᠤᠳᠠᠯ ᠵᠡᠷᠭᠡ 4 ᠬᠠᠷᠢᠯᠴᠠᠨ ᠨᠡᠪᠲᠡᠷᠡᠯᠴᠡᠬᠦ ᠪᠣᠰᠣᠭ᠎ᠠ ᠵᠦᠷᠢᠯᠢᠭ ᠲᠤᠬᠢᠷᠠᠭᠣᠯᠵᠠᠢ᠃
S43 ᠬᠥᠬᠡᠬᠤᠲᠠ ᠵᠢᠨ ᠨᠢᠰᠬᠡᠯ ᠤᠨ ᠪᠠᠭᠤᠳᠠᠯ ᠤᠨ ᠲᠦᠷᠭᠡᠨ ᠦ ᠵᠠᠰᠠᠮᠠᠯ ᠵᠠᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠢᠭᠤᠯᠤᠯᠲᠠ ᠵᠢᠨ ᠲᠤᠷᠰᠢᠯᠲᠠ ᠵᠢᠨ ᠴᠡᠭ ᠤᠨ ᠡᠭᠦᠷᠭᠡ ᠳᠤᠮᠳᠠᠬᠢ ᠭᠤᠤᠯᠳᠠᠯᠭ᠎ᠠ ᠲᠠᠢ ᠢᠨᠵᠧᠨᠧᠷᠢᠩ ᠮᠥᠨ᠂ ᠪᠠᠰᠠ ᠴᠤ ᠮᠠᠨ ᠤ ᠬᠤᠲᠠ ᠵᠢᠨ ᠪᠥᠬᠦ ᠤᠯᠤᠰ ᠤᠨ ᠴᠢᠨᠠᠷᠲᠠᠶ ᠶᠡᠷᠦᠩᠬᠡᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠵᠢᠨ ᠬᠤᠲᠠ ᠵᠢ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠤᠲᠠ ᠵᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠢᠷᠢᠰᠢᠭᠤᠯᠤᠯᠲᠠ ᠵᠢ ᠲᠡᠭᠦᠯᠳᠡᠷᠵᠢᠭᠦᠯᠬᠦ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠃ ᠲᠡᠷᠭᠡ ᠨᠡᠪᠲᠡᠷᠡᠭᠰᠡᠨ ᠤ ᠳᠠᠷᠠᠭ᠎ᠠ ᠂ ᠬᠤᠲᠠ ᠵᠢᠨ ᠲᠣᠭᠤᠷᠢᠭ ᠬᠢᠭᠡᠳ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ ᠤᠨ ᠬᠤᠭᠤᠷᠣᠨᠳᠣᠬᠢ ᠬᠠᠮᠤᠭ ᠤᠨ ᠰᠢᠭᠤᠳ ᠲᠦᠷᠭᠡᠨ ᠨᠡᠪᠲᠡᠷᠡᠬᠦ ᠵᠠᠮ ᠢ ᠪᠥᠬᠦ ᠲᠠᠯ᠎ᠠ ᠪᠠᠷ ᠨᠡᠪᠲᠡᠷᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠵᠢᠴᠢ ᠡᠷᠬᠢᠨ ᠲᠣᠭᠤᠷᠢᠨ ᠤ ᠣᠷᠣᠨ ᠪᠦᠰᠡ ᠵᠢᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠬᠥᠬᠡᠬᠤᠲᠠ ᠵᠢᠨ ᠪᠥᠬᠦ ᠤᠯᠤᠰ ᠤᠨ ᠶᠡᠷᠦᠩᠬᠡᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠲᠤ ᠨᠠᠩ ᠠᠭᠤᠰᠤᠯᠴᠠᠬᠤ ᠳᠤ ᠬᠦᠴᠦᠨ ᠨᠡᠮᠡᠷᠢᠯᠡᠪᠡ᠃