ᠵᠤᠬᠢᠶᠠᠭᠴᠢ:
ᠴᠠᠭ:2021-07-02
ᠥᠵᠡᠭᠰᠡᠨ : ℃
ᠢᠷᠡᠯᠲᠡ: ᠢᠷᠡᠯᠲᠡ᠄ ︽ ᠥᠪᠥᠷ ᠮᠣᠩᠭᠤᠯ ᠤᠨ ᠵᠠᠰᠠᠭ ᠤᠨ ᠣᠷᠳᠣᠨ︾
ᠤᠯᠠᠭᠠᠨᠴᠠᠪ ᠬᠤᠲᠠ ᠶᠢᠨ ᠭᠠᠳᠠᠭᠠᠳᠤ ᠨᠡᠭᠡᠭᠡᠯᠲᠡ ᠶᠢᠨ ᠠᠵᠢᠯ ᠲᠣᠪᠤᠶᠢᠮ᠎ᠠ ᠦᠷ᠎ᠡ ᠪᠦᠲᠦᠮᠵᠢ ᠤᠯᠪᠠ
ᠨᠢᠭᠡ ᠳᠤ᠂ ᠭᠠᠳᠠᠭᠠᠳᠤ ᠠᠷᠠᠯᠵᠢᠶ᠎ᠠ ᠤᠷᠲᠤ ᠬᠤᠭᠤᠴᠠᠭ᠎ᠠ ᠪᠠᠷ ᠭᠦᠢᠴᠡᠳ ᠬᠥᠭᠵᠢᠪᠡ᠃ ᠤᠢᠢᠷ᠎ᠠ ᠶᠢᠨ ᠵᠢᠯ ᠤᠳ ᠲᠤ᠂ ᠤᠯᠠᠭᠠᠨᠴᠠᠪ ᠬᠤᠳᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠳᠠᠪᠠᠭᠤᠯᠢᠭ ᠲᠤ ᠲᠦᠰᠢᠭᠯᠡᠵᠦ᠂ ᠭᠠᠳᠠᠭᠠᠳᠤ ᠠᠷᠠᠯᠵᠢᠶ᠎ᠠ ᠶᠢ ᠳᠠᠰᠤᠷᠠᠯᠳᠠ ᠦᠬᠡᠢ ᠬᠥᠭᠵᠢᠭᠦᠯᠦᠨ᠂ ᠭᠠᠳᠠᠭᠠᠳᠤ ᠠᠷᠠᠯᠵᠢᠶᠠᠨ ᠤ ᠡᠩᠨᠡᠭᠡ ᠪᠠᠨ ᠳᠠᠰᠤᠷᠠᠯᠳᠠ ᠦᠬᠡᠢ ᠪᠤᠵᠠᠭᠠᠶᠢᠷᠠᠭᠤᠯᠵᠤ᠂ ᠭᠠᠳᠠᠭᠠᠳᠤ ᠠᠷᠠᠯᠵᠢᠶᠠᠨ ᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ 695᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ 105 ᠪᠤᠯᠵᠤ᠂ ᠭᠠᠳᠠᠭᠠᠳᠤ ᠠᠷᠠᠯᠵᠢᠶᠠᠨ ᠤ ᠬᠠᠨᠢᠲᠠᠨ 80 ᠭᠠᠷᠤᠢ ᠤᠯᠤᠰ ᠪᠠ ᠭᠠᠵᠠᠷ ᠣᠷᠣᠨ ᠳᠤ ᠬᠦᠷᠴᠦ᠂ 《ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ ᠬᠤᠳᠠ》 ᠪᠠᠷ ᠦᠨᠡᠯᠡᠭᠳᠡᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠱᠤᠭᠤᠮ ᠢ 10 ᠵᠤᠷᠪᠤᠰ ᠨᠡᠪᠲᠡᠷᠡᠭᠦᠯᠵᠦ᠂ ᠣᠲᠣ ᠪᠣᠯᠲᠠᠯ᠎ᠠ ᠨᠢᠭᠡᠨᠲᠡ 474 ᠴᠤᠪᠤᠭ᠎ᠠ ᠲᠡᠷᠭᠡ ᠠᠶᠠᠯᠠᠵᠤ᠂ ᠪᠥᠬᠦ ᠪᠠᠷᠠᠭᠠᠨ ᠤ ᠥᠷᠲᠡᠭ ᠨᠢ 9.61 ᠳ᠋ᠦᠩᠰᠢᠭᠤᠷ ᠳ᠋ᠣᠯᠯᠠᠷ ᠲᠤ ᠬᠦᠷᠴᠡᠶ᠃ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠪᠦᠬᠦ ᠲᠤᠭ᠎ᠠ ᠨᠢ 2015 ᠣᠨ ᠳᠤ 1 ᠳ᠋ᠦᠩᠰᠢᠭᠤᠷ ᠳ᠋ᠣᠯᠯᠠᠷ ᠬᠦᠷᠬᠦ ᠦᠭᠡᠢ ᠪᠠᠶᠢᠭᠰᠠᠨ ᠠᠴᠠ ᠪᠠᠨ 2020 ᠣᠨ ᠪᠣᠯᠬᠤ ᠳᠤ 4.4 ᠳ᠋ᠦᠩᠰᠢᠭᠤᠷ ᠳ᠋ᠣᠯᠯᠠᠷ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 45.1% ᠪᠠᠷ ᠨᠡᠮᠡᠭᠳᠡᠪᠡ᠃
ᠬᠤᠶᠠᠷ ᠲᠤ᠂ ᠨᠡᠭᠡᠭᠡᠯᠳᠡ ᠶᠢᠨ ᠲᠠᠪᠴᠠᠩ ᠡᠳᠦᠷ ᠢᠷᠡᠬᠦᠶ᠎ᠡ ᠪᠦᠷᠢᠨᠰᠢᠪᠡ᠃ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ ᠭᠦᠢᠯᠭᠡᠭᠡᠨ ᠤ ᠭᠦᠢᠰᠦ ᠰᠠᠭᠤᠷᠢᠨ ᠭᠠᠵᠠᠷ ᠢᠳᠡᠭ ᠢᠳᠡᠭ ᠢᠶᠠᠷ ᠬᠡᠪᠴᠢᠶᠡᠵᠢᠵᠦ᠂ ᠪᠣᠭᠤᠮᠲᠠ ᠶᠢᠨ ᠬᠠᠮᠢᠶᠠᠷᠤᠯᠲᠠ ᠶᠢᠨ ᠣᠷᠣᠨ᠂ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠲᠥᠪ᠂ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠥᠪ ᠵᠡᠷᠭᠡ ᠰᠠᠭᠤᠷᠢ ᠪᠡᠯᠡᠳᠬᠡᠮᠵᠢ ᠶᠢ ᠵᠠᠯᠭᠠᠭ᠎ᠠ ᠪᠠᠷ ᠪᠠᠶᠢᠭᠤᠯᠤᠠᠨ ᠠᠰᠢᠭᠯᠠᠯᠲᠠ ᠳᠤ ᠣᠷᠣᠭᠤᠯᠵᠤ᠂ 2020 ᠣᠨ ᠳᠤ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠶᠡᠷᠦᠩᠬᠡᠶ ᠥᠷᠲᠡᠭ ᠨᠢ 2 ᠳ᠋ᠦᠩᠰᠢᠭᠤᠷ ᠲᠥᠭᠦᠷᠢᠭ ᠲᠤ ᠬᠥᠷᠪᠡ᠃ ᠠᠭᠠᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠢᠨᠢᠩ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠵᠠᠯᠭᠠᠭ᠎ᠠ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠭᠠᠨᠪᠠᠭᠠᠲᠤᠷ᠂ ᠤᠯᠠᠭᠠᠨ ᠦᠳᠡ ᠂ ᠮᠣᠰᠺᠸᠠ ᠵᠡᠷᠭᠡ ᠨᠢᠭᠡ ᠪᠦᠯᠦᠭ ᠬᠢᠯᠢ ᠶᠢᠨ ᠭᠠᠳᠠᠨᠠᠬᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠶᠠᠭ ᠢᠳᠡᠪᠬᠢᠲᠡᠶ ᠠᠬᠢᠭᠤᠯᠵᠤ ᠪᠠᠶᠢᠨ᠎ᠠ᠃
ᠭᠤᠷᠪᠠ ᠳᠤ᠂ ᠤᠯᠠᠨ ᠤᠯᠤᠰ ᠤᠨ ᠪᠣᠰᠤᠭ᠎ᠠ ᠴᠣᠭᠴᠠᠲᠤ ᠪᠠᠷᠠᠭᠠᠨ ᠤ ᠭᠦᠢᠯᠭᠡᠭᠡᠨ ᠤ ᠵᠠᠮ ᠠᠩᠬ᠎ᠠ ᠠᠯᠬᠤᠮ ᠪᠦᠷᠢᠯᠳᠦᠪᠡ᠃ ᠬᠠᠭᠤᠷᠠᠶ ᠳᠡᠭᠡᠷᠡᠬᠢ ᠨᠡᠪᠲᠡᠷᠡᠬᠦ ᠵᠠᠮ ᠤᠨ ᠲᠠᠯ᠎ᠠ ᠪᠠᠷ᠂ ᠣᠷᠣᠰ ᠮᠣᠩᠭᠤᠯ ᠲᠠᠢ ᠬᠠᠮᠲᠤᠷᠠᠨ ᠤᠯᠠᠭᠠᠨᠴᠠᠪ — ᠤᠯᠠᠭᠠᠨᠪᠠᠭᠠᠲᠤᠷ — ᠤᠯᠠᠭᠠᠨ ᠶᠢᠨ ᠨᠡᠪᠲᠡᠷᠡᠬᠦ ᠵᠠᠮ ᠢ ᠪᠠᠶᠢᠭᠤᠯᠪᠠ︔ ᠲᠡᠯᠡᠶ ᠳᠤ ᠭᠠᠷᠬᠤ ᠵᠠᠮ ᠤᠨ ᠲᠠᠯ᠎ᠠ ᠪᠠᠷ᠂ ᠲᠢᠶᠠᠨᠵᠢᠨ ᠭᠠᠷᠠᠮ᠂ ᠼᠤᠤ ᠹᠸᠢ ᠳ᠋ᠢᠶᠠᠨ ᠭᠠᠷᠠᠮ ᠲᠠᠢ ᠬᠠᠮᠲᠤᠷᠠᠨ ᠳᠣᠲᠣᠭᠠᠳᠤ ᠬᠠᠭᠤᠷᠠᠶ ᠶᠢᠨ ᠭᠠᠷᠠᠮ ᠢ ᠪᠥᠲᠥᠭᠡᠨ ᠪᠠᠶᠢᠭᠤᠯᠵᠤ᠂ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠨᠡᠪᠲᠡᠷᠡᠭᠦᠯᠵᠦ᠂ ᠬᠢᠯᠢ ᠠᠯᠤᠰᠯᠠᠭᠰᠠᠨ ᠬᠤᠤᠰ ᠴᠢᠭᠯᠡᠯᠲᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠣᠷᠣᠰ ᠮᠣᠩᠭᠤᠯ ᠤᠨ ᠦᠢᠯᠡᠳᠬᠦᠨ ᠤ ᠬᠠᠮᠤᠭ ᠤᠨ ᠳᠣᠤᠷ᠎ᠠ ᠥᠪᠡᠷ ᠤᠨ ᠥᠷᠲᠡᠭ ᠪᠦᠬᠦᠢ 《ᠲᠡᠯᠡᠶ ᠳᠤ ᠭᠠᠷᠬᠤ ᠭᠠᠷᠠᠮ》 ᠪᠣᠯᠤᠭᠰᠠᠨ ᠪᠠᠶᠢᠨ᠎ᠠ᠃ ᠠᠭᠠᠷ ᠤᠨ ᠠᠶᠠᠯᠠᠯ ᠤᠨ ᠨᠡᠪᠲᠡᠷᠡᠬᠦ ᠵᠠᠮ ᠤᠨ ᠲᠠᠯ᠎ᠠ ᠪᠠᠷ᠂ ᠵᠢᠨᠢᠩ ᠨᠢᠰᠬᠡᠯ ᠤᠨ ᠪᠠᠭᠤᠳᠠᠯ ᠨᠢ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠣᠯᠠᠨ ᠤᠯᠤᠰ ᠤᠨ ᠴᠤᠪᠤᠷᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ᠣᠯᠠᠨ ᠤᠯᠤᠰ ᠤᠨ ᠪᠣᠭᠤᠮᠲᠠ ᠶᠢ ᠲᠦᠷ ᠴᠠᠭ ᠨᠡᠪᠲᠡᠷᠡᠭᠦᠯᠵᠦ᠂ ᠵᠢᠩᠬᠢᠨᠢ ᠪᠠᠷ ᠨᠡᠪᠲᠡᠷᠡᠭᠦᠯᠬᠦ ᠨᠦᠭᠦᠴᠡᠯ ᠢ ᠪᠦᠷᠢᠯᠳᠦᠭᠦᠯᠪᠡ᠃