ᠵᠤᠬᠢᠶᠠᠭᠴᠢ:
ᠴᠠᠭ:2021-07-16
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠤᠯᠠᠭᠠᠨᠴᠠᠪ ᠬᠤᠲᠠ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠪᠡ
ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠲᠡᠶᠢᠰᠢ ᠤᠷᠲᠤᠳᠬᠠᠬᠤ ᠶᠢ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠨᠠᠩ ᠳᠣᠪᠣᠶᠢᠯᠭᠠᠵᠤ ᠴᠡᠭᠴᠡᠯᠡᠨ ᠵᠠᠰᠠᠬᠤ ᠶᠢᠨ ᠲᠤᠰᠠᠳᠠ᠂ ᠤᠯᠠᠭᠠᠨᠴᠠᠪ ᠬᠤᠲᠠ ᠶᠢᠨ ᠬᠢᠨ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠨᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 《ᠪᠠᠲᠤᠯᠠᠭ᠎ᠠ ᠶᠢ ᠮᠡᠬᠡᠯᠡᠨ ᠠᠪᠬᠤ》《ᠪᠠᠲᠤᠯᠠᠭ᠎ᠠ ᠠᠴᠠ ᠣᠷᠬᠢᠭᠳᠠᠭᠤᠯᠬᠤ》《ᠬᠠᠷᠢᠴᠠᠭᠠᠨ ᠤ ᠪᠠᠲᠤᠯᠠᠭ᠎ᠠ》《ᠨᠠᠶᠢᠷ ᠲᠠᠯ᠎ᠠ ᠶᠢᠨ ᠪᠠᠲᠤᠯᠠᠭ᠎ᠠ》 ᠵᠡᠷᠭᠡ ᠦᠵᠡᠭᠳᠡᠯ ᠢ ᠡᠷᠡᠰ ᠬᠤᠷᠢᠭᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠢᠷᠤᠮᠵᠢᠯ ᠥᠬᠡᠶ ᠵᠡᠷᠭᠡ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠠᠪᠤᠳᠠᠯ ᠪᠣᠯᠣᠨ᠎ᠠ᠃ 1 — 6 ᠳ᠋ᠤᠭᠠᠷ ᠰᠠᠷ᠎ᠠ ᠳᠤ᠂ ᠪᠥᠬᠦ ᠬᠤᠲᠠ ᠳᠤ ᠨᠠᠰᠤ ᠪᠠᠷᠠᠭᠰᠠᠨ ᠠᠴᠠ ᠪᠣᠯᠵᠣ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠤᠭᠰᠠᠨ 4016 ᠬᠥᠮᠦᠨ ᠢ ᠢᠯᠭᠠᠷᠠᠭᠤᠯᠤᠨ ᠴᠡᠪᠡᠷᠯᠡᠵᠦ᠂ 3370 ᠡᠷᠦᠬᠡ ᠶᠢᠨ 5795 ᠬᠥᠮᠦᠨ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠰᠢᠨ᠎ᠡ ᠪᠠᠷ ᠣᠷᠤᠭᠤᠯᠵᠤ᠂ ᠡᠭᠦᠨ ᠳᠤ ᠬᠦᠨᠳᠦ ᠡᠪᠡᠳᠴᠢᠨ ᠲᠠᠢ᠂ ᠬᠦᠨᠳᠦ ᠵᠡᠮᠳᠡᠭ 17 ᠬᠥᠮᠦᠨ ᠢ 《ᠭᠠᠭᠴᠠ ᠬᠥᠮᠦᠨ ᠤ ᠡᠷᠦᠬᠡ》 ᠪᠠᠷ ᠯᠠᠪᠯᠠᠯᠲᠠ ᠪᠣᠯᠭᠠᠵᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ︔ ᠲᠠᠷᠠᠬᠠᠢ ᠪᠣᠲᠠᠷᠬᠠᠢ ᠣᠨᠴᠠ ᠬᠦᠴᠢᠷᠲᠡᠢ 896 ᠬᠦᠮᠦᠨ ᠢ ᠠᠰᠠᠷᠠᠨ ᠲᠡᠵᠢᠭᠡᠬᠦ ᠳᠤ ᠰᠢᠨ᠎ᠡ ᠪᠠᠷ ᠣᠷᠣᠭᠤᠯᠤᠭᠰᠠᠨ ᠪᠥᠭᠡᠳ ᠪᠦᠬᠦᠨ ᠲᠠᠢ ᠨᠢ ᠠᠰᠠᠷᠠᠨ ᠰᠤᠪᠢᠯᠠᠬᠤ ᠵᠥᠪᠳᠡᠯᠴᠡᠭᠡᠷ ᠲᠣᠭᠲᠠᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠬᠦᠰᠡᠯ ᠰᠠᠨᠠᠭ᠎ᠠ ᠲᠠᠢ ᠲᠠᠷᠠᠬᠠᠢ ᠪᠣᠲᠠᠷᠬᠠᠢ ᠪᠠᠷ ᠠᠰᠠᠷᠠᠨ ᠲᠡᠵᠢᠭᠡᠵᠦ ᠪᠠᠶᠢᠭᠰᠠᠨ 76 ᠣᠨᠴᠠ ᠬᠦᠴᠢᠷᠲᠡᠢ ᠬᠥᠮᠦᠨ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠰᠠᠭᠤᠯᠭᠠᠨ ᠲᠣᠬᠢᠷᠠᠭᠤᠯᠪᠠ᠃ ᠲᠤᠰᠬᠠᠢ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠭᠰᠡᠨ ᠠᠴᠠ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠤᠨ ᠵᠢᠷᠤᠮᠵᠢᠭᠰᠠᠨ ᠪᠠᠶᠢᠭᠤᠯᠤᠯᠲᠠ ᠶᠢ ᠪᠦᠲᠦᠮᠵᠢᠲᠡᠢ ᠲᠦᠷᠭᠡᠳᠬᠡᠵᠦ᠂ ᠦᠨᠳᠦᠰᠦᠨ ᠱᠠᠲᠤᠨ ᠤ ᠳᠠᠭᠠᠭᠠᠨ ᠭᠦᠢᠴᠡᠳᠬᠡᠬᠦ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠭᠠᠭᠠᠨ ᠪᠠᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠳᠤ ᠴᠢᠬᠤᠯᠠ ᠪᠠᠲᠤᠯᠠᠭ᠎ᠠ ᠬᠠᠩᠭᠠᠵᠠᠢ᠃