ᠵᠤᠬᠢᠶᠠᠭᠴᠢ:
ᠴᠠᠭ:2021-07-30
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠨᠢ ᠬᠥᠯᠥᠰᠥᠨ ᠠᠵᠢᠯᠴᠢᠨ ᠤ ᠵᠣᠯ ᠵᠢᠷᠭᠠᠯᠲᠤ ᠠᠮᠢᠳᠤᠷᠠᠯ ᠳᠤ ᠬᠦᠴᠦᠨ ᠨᠡᠮᠡᠷᠢᠯᠡᠵᠦ ᠪᠠᠶᠢᠨ᠎ᠠ
ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠯᠥᠰᠥᠨ ᠠᠵᠢᠯᠴᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠦᠷᠦᠭᠦᠯᠡᠵᠦ᠂ ᠬᠥᠯᠥᠰᠥᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠪᠠ ᠬᠥᠯᠥᠰᠥᠨ ᠠᠵᠢᠯᠴᠢᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠪᠦᠬᠦ ᠤᠯᠤᠰ ᠤᠨ ᠬᠥᠯᠥᠰᠥᠨ ᠠᠵᠢᠯᠴᠢᠨ ᠤ ᠠᠵᠢᠯ ᠢ ᠰᠢᠮᠳᠠᠭᠤᠯᠤᠨ ᠪᠠᠶᠢᠴᠠᠭᠠᠬᠤ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠬᠤ ᠪᠠ ᠥᠷᠢᠲᠦᠬᠦ ᠠᠵᠢᠯ ᠢ ᠦᠨᠳᠦᠰᠦᠨ ᠠᠴᠠ ᠨᠢ ᠵᠠᠰᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠬᠥᠬᠡᠬᠤᠲᠠ ᠳᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠠᠴᠠ ᠬᠠᠤᠯᠢ ᠴᠠᠭᠠᠵᠠ ᠶᠢᠨ ᠲᠤᠰᠠᠯᠠᠮᠵᠢ ᠦᠢᠯᠡᠴᠢᠯᠡᠭᠡᠨ ᠤ ᠠᠵᠢᠯᠲᠠᠨ᠂ ᠬᠠᠤᠯᠢᠴᠢ ᠵᠢᠴᠢ ᠬᠠᠤᠯᠢ ᠴᠠᠭᠠᠵᠠ ᠶᠢᠨ ᠲᠤᠰᠠᠯᠠᠮᠵᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠬᠥᠯᠥᠰᠥᠨ ᠠᠵᠢᠯᠴᠢᠨ ᠳᠤ ᠬᠠᠤᠯᠢ ᠴᠠᠭᠠᠵᠠ ᠶᠢᠨ ᠲᠤᠰᠠᠯᠠᠮᠵᠢ ᠦᠢᠯᠡᠴᠢᠯᠡᠭᠡ ᠬᠠᠩᠭᠠᠬᠤ ᠥᠷᠨᠢᠭᠦᠯᠪᠡ᠃ 7 ᠳ᠋ᠤᠭᠠᠷ ᠰᠠᠷ᠎ᠠ ᠶᠢᠨ 21 ᠤ ᠡᠳᠦᠷ᠂ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠦᠢᠯᠡᠴᠢᠯᠡᠭᠡᠨ ᠤ ᠲᠥᠪ ᠲᠤ 《ᠬᠠᠤᠯᠢ ᠴᠠᠭᠠᠵᠠ ᠶᠢᠨ ᠦᠢᠯᠡᠴᠢᠯᠡᠭᠡ ᠪᠠᠷ ᠬᠥᠯᠥᠰᠥᠨ ᠠᠵᠢᠯᠴᠢᠨ ᠤ ᠵᠣᠯ ᠵᠢᠷᠭᠠᠯᠲᠤ ᠠᠮᠢᠳᠤᠷᠠᠯ ᠳᠤ ᠬᠦᠴᠦᠨ ᠨᠡᠮᠡᠷᠢᠯᠡᠬᠦ》 ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠵᠢᠴᠢ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠬᠡᠯᠪᠡᠷᠢ ᠪᠠᠷ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ ᠶᠢᠨ ᠲᠤᠰᠠᠯᠠᠮᠵᠢ ᠲᠥᠪ ᠤᠨ ᠠᠵᠢᠯᠲᠠᠨ ᠠᠴᠠ ᠬᠠᠤᠯᠢ ᠴᠠᠭᠠᠵᠠ ᠶᠢᠨ ᠲᠤᠰᠠᠯᠠᠮᠵᠢ ᠬᠦᠷᠢᠶ᠎ᠡ ᠬᠡᠪᠴᠢᠶ᠎ᠡ ᠪᠣᠯᠤᠨ ᠭᠤᠶᠤᠴᠢᠯᠠᠬᠤ ᠠᠷᠭ᠎ᠠ ᠬᠡᠯᠪᠡᠷᠢ ᠵᠢᠴᠢ ᠬᠥᠯᠥᠰᠥᠨ ᠠᠵᠢᠯᠴᠢᠨ ᠳᠤ 《ᠰᠠᠭᠠᠳ ᠦᠭᠡᠶ ᠨᠡᠪᠲᠡᠷᠡᠬᠦ ᠵᠠᠮ》 ᠨᠡᠭᠡᠭᠡᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠵᠠᠶ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠪᠣᠳᠠᠲᠤ ᠬᠡᠷᠡᠭ ᠢᠶᠠᠷ ᠬᠠᠤᠯᠢ ᠴᠠᠭᠠᠵᠠ ᠳᠤ ᠲᠠᠶᠢᠯᠤᠮᠵᠢ ᠬᠢᠬᠦ ᠪᠠᠷ ᠳᠠᠮᠵᠢᠭᠤᠯᠤᠨ᠂ ᠬᠥᠯᠥᠰᠥᠨ ᠠᠵᠢᠯᠴᠢᠨ ᠳᠤ 《ᠬᠥᠳᠡᠯᠮᠦᠷᠢ ᠶᠢᠨ ᠭᠡᠷ᠎ᠡ》《ᠬᠥᠯᠥᠰᠥᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠲᠦᠷᠢᠮ》 ᠵᠢᠴᠢ ᠬᠥᠯᠥᠰᠥᠨ ᠠᠵᠢᠯᠴᠢᠨ ᠤ ᠠᠰᠢᠭ ᠲᠤᠰᠠ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠮᠵᠢᠲᠠᠶ ᠪᠥᠭᠡᠳ ᠭᠦᠨᠵᠡᠭᠡᠶ ᠲᠠᠶᠢᠯᠪᠤᠷᠢᠯᠠᠵᠤ ᠥᠭᠪᠡ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠥᠯᠥᠰᠥᠨ ᠠᠵᠢᠯᠴᠢᠨ ᠤ ᠲᠤᠰ ᠪᠡᠶ᠎ᠡ ᠳᠤ ᠣᠷᠣᠰᠢᠵᠤ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠵᠡᠢ᠃
ᠬᠤᠲᠠ ᠶᠢᠨ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠠᠴᠠ ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠯᠥᠰᠥᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠨᠠᠶᠢᠳᠠᠪᠤᠷᠢᠵᠢᠭᠤᠯᠵᠤ᠂ ᠬᠥᠯᠥᠰᠥᠨ ᠲᠤ ᠳᠥᠭᠦᠮ ᠳᠥᠲᠡ᠂ ᠬᠢᠯᠪᠠᠷ ᠣᠶᠢᠯᠠᠭᠠᠮᠵᠢᠲᠠᠢ᠂ ᠨᠠᠷᠢᠯᠢᠭ ᠣᠨᠣᠪᠴᠢᠲᠠᠢ᠂ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠦᠢᠯᠡᠴᠢᠯᠡᠭᠡ ᠬᠠᠩᠭᠠᠪᠠ᠃