ᠵᠤᠬᠢᠶᠠᠭᠴᠢ:
ᠴᠠᠭ:2022-01-07
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠤᠯᠠᠭᠠᠨᠴᠠᠪ ᠬᠤᠲᠠ ᠳᠡᠭᠡᠷ᠎ᠡ ᠵᠢᠯ ᠤᠨ ᠡᠴᠦᠰ ᠡᠨᠡ ᠵᠢᠯ ᠤᠨ ᠡᠬᠢᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠷᠢᠯᠠᠭᠤᠯᠬᠤ ᠲᠧᠯᠸᠢᠰ ᠤᠲᠠᠰᠤ ᠬᠤᠷᠠᠯ ᠢ ᠬᠤᠷᠠᠯᠳᠤᠭᠤᠯᠪᠠ
ᠤᠯᠠᠭᠠᠨᠴᠠᠪ ᠬᠤᠳᠠ ᠳᠡᠭᠡᠷ᠎ᠡ ᠵᠢᠯ ᠤᠨ ᠡᠴᠦᠰ ᠡᠨᠡ ᠵᠢᠯ ᠤᠨ ᠡᠬᠢᠨ ᠤ ᠠᠶᠤᠯ ᠦᠭᠡᠢ ᠦᠢᠯᠡᠳᠪᠦᠷᠢᠯᠡᠯ ᠪᠣᠯᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠵᠢᠴᠢ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠤᠲᠠᠰᠤ ᠬᠤᠷᠠᠯ ᠢ ᠬᠤᠷᠠᠯᠳᠤᠭᠤᠯᠪᠠ᠃ ᠬᠤᠷᠠᠯ ᠳᠤ ᠪᠦᠬᠦ ᠬᠤᠳᠠ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠪᠣᠯᠤᠨ ᠪᠦᠬᠦ ᠬᠤᠳᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠢ ᠪᠠᠶᠢᠳᠠᠯ ᠢ ᠮᠡᠳᠡᠭᠳᠡᠵᠦ᠂ ᠳᠡᠭᠡᠷ᠎ᠡ ᠵᠢᠯ ᠤᠨ ᠡᠴᠦᠰ ᠡᠨᠡ ᠵᠢᠯ ᠤᠨ ᠡᠬᠢᠨ ᠤ ᠭᠤᠣᠯᠳᠠᠯᠭ᠎ᠠ ᠲᠠᠢ ᠠᠵᠢᠯ ᠵᠢᠴᠢ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠴᠠᠭ ᠢ ᠬᠦᠯᠢᠶᠡᠬᠦ᠂ ᠡᠷᠴᠢᠮ ᠢᠶᠠᠨ ᠰᠤᠯᠠᠯᠠᠬᠤ᠂ ᠪᠠᠶᠠᠷ ᠤᠨ ᠳᠠᠷᠠᠭ᠎ᠠ ᠮᠡᠳᠡᠶ᠎ᠡ ᠭᠡᠬᠦ ᠮᠡᠲᠦ ᠶᠢᠨ ᠮᠢᠨᠴᠦᠭᠦᠷᠡᠨ ᠵᠠᠪᠰᠢᠬᠤ ᠰᠡᠳᠬᠢᠯᠭᠡ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠠᠢ ᠬᠢᠮᠢ ᠶᠢᠨ ᠪᠣᠳᠠᠰ᠂ ᠨᠡᠭᠦᠷᠡᠰᠦ ᠠᠴᠠ ᠪᠤᠰᠤᠳ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠲᠣᠪᠣᠶᠢᠯᠭᠠᠨ ᠰᠠᠶᠢᠲᠤᠷ ᠠᠳᠬᠤᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠦᠨᠡᠨ ᠬᠦ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠵᠦ ᠨᠡᠶᠢᠲᠡ ᠳᠤ ᠨᠢ ᠬᠠᠷᠠᠭᠠᠯᠵᠠᠬᠤ ᠠᠵᠢᠯ ᠢ ᠰᠠᠶᠢᠲᠤᠷ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠪᠯᠡᠷᠡᠭᠦᠯᠦᠭᠰᠡᠨ ᠰᠢᠪᠲᠤᠯᠤᠯᠲᠠ ᠶᠢ ᠭᠦᠨᠵᠡᠭᠡᠶ ᠠᠬᠢᠭᠤᠯᠵᠤ᠂ ᠡᠪᠦᠯ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠶᠤᠯ ᠥᠭᠡᠢ ᠦᠢᠯᠡᠳᠪᠦᠷᠢᠯᠡᠯ ᠪᠣᠯᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠣᠨ ᠤ ᠬᠢᠨᠠᠨ ᠰᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠡᠩ ᠥᠨᠳᠥᠷ ᠱᠠᠭᠠᠷᠳᠠᠯᠭ᠎ᠠ᠂ ᠨᠡᠩ ᠶᠡᠭᠡ ᠡᠷᠡᠰ ᠵᠣᠷᠢᠭ᠂ ᠨᠡᠩ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃