ᠵᠤᠬᠢᠶᠠᠭᠴᠢ:
ᠴᠠᠭ:2022-01-21
ᠥᠵᠡᠭᠰᠡᠨ : ℃
ᠢᠷᠡᠯᠲᠡ: ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
2022 1 ᠳ᠋ᠦ᠋ᠭᠡᠷ ᠰᠠᠷ᠎ᠠ ᠶᠢᠨ 18 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠤᠳᠤᠷᠢᠳᠬᠤ ᠪᠠᠭ ᠪᠠ ᠬᠤᠪᠢ ᠬᠥᠮᠥᠨ ᠤ ᠦᠵᠡᠯ ᠰᠠᠨᠠᠭᠠᠨ ᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃
ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ ᠬᠤᠷᠠᠯ ᠢ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠵᠢᠴᠢ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ ᠳᠡᠭᠡᠷ᠎ᠡ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠳᠡᠭᠡᠷ᠎ᠡ᠂ ᠶᠤᠸᠠᠢ ᠶᠠᠨ ᠮᠧᠢ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠭᠰᠠᠨ ᠪᠦᠭᠡᠳ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠭᠰᠠᠨ ᠶᠠᠷᠢᠶ᠎ᠠ ᠲᠠᠯᠪᠢᠵᠤ᠂ ᠳᠠᠷᠠᠭ᠎ᠠ ᠪᠠᠷ ᠨᠢ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠭᠰᠠᠨ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃
ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠦᠨᠡᠯᠡᠯᠲᠡ ᠬᠢᠬᠦ ᠳᠡᠭᠡᠨ᠂ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠶᠤᠸᠠᠢ ᠶᠠᠨ ᠮᠧᠢ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨᠤᠯ ᠢᠶᠠᠷ ᠵᠡᠪᠰᠡᠭᠯᠡᠬᠦ ᠪᠠᠨ ᠲᠠᠰᠤᠷᠠᠯᠳᠡ ᠦᠭᠡᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠨᠠᠷᠢᠨ ᠬᠢᠨᠠᠮᠠᠭᠠᠢ ᠰᠤᠷᠤᠯᠴᠠᠵᠤ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠪᠣᠯᠣᠨ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠨ᠂ ᠣᠨᠣᠪᠴᠢᠲᠠᠢ ᠡᠵᠡᠮᠰᠢᠵᠦ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠪᠦᠬᠦ ᠬᠤᠳᠠ ᠶᠢᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠦᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠬᠡᠷᠡᠭᠵᠢᠭᠦᠯᠵᠦ᠂ ᠪᠤᠢ ᠪᠦᠬᠦᠢ ᠨᠠᠮ ᠤᠨ ᠭᠡᠰᠢᠭᠦᠨ ᠢ ᠰᠡᠳᠬᠢᠯ ᠠᠴᠠ ᠪᠠᠨ ᠡᠮᠢᠶᠡᠵᠦ᠂ ᠬᠡᠯᠡᠬᠦ ᠳᠤ ᠴᠡᠭᠡᠷ ᠲᠠᠢ᠂ ᠬᠢᠬᠦ ᠳᠤ ᠬᠢᠵᠠᠭᠠᠷ ᠲᠠᠢ ᠪᠣᠯᠭᠠᠬᠤ ᠬᠡᠷᠡᠭᠲᠡᠢ᠃ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃